ᠶᠤᠸᠠᠨ ᠪᠦᠦ ᠱᠠᠨ ᠲᠣᠭᠤᠷᠢᠭ ᠱᠠᠨᠳᠦ᠋ᠩ ᠮᠤᠵᠢ ᠶᠢᠨ ᠤᠯᠠᠭᠠᠨᠬᠠᠳᠠ ᠶᠢᠨ  ᠠᠷᠠᠯᠵᠢᠶᠠᠴᠢᠳ ᠤᠨ ᠡᠪᠯᠡᠯ  ᠲᠠᠢ ᠨᠠᠶᠢᠳᠠᠯᠭ᠎ᠠ ᠪᠠᠷ ᠠᠷᠠᠯᠵᠢᠶᠠᠴᠢᠨ ᠤᠷᠢᠬᠤ ᠬᠡᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2022/5/19
     5 ᠰᠠᠷ᠎ᠠ ᠶᠢᠨ 16  ᠤ ᠡᠳᠦᠷ ᠂ ᠱᠠᠨᠳᠦ᠋ᠩ ᠮᠤᠵᠢ ᠶᠢᠨ ᠤᠯᠠᠭᠠᠨᠬᠠᠳᠠ ᠶᠢᠨ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ ᠯᠢᠦ ᠸᠧᠨ ᠮᠢᠩ ᠨᠠᠷ ᠶᠤᠸᠠᠨ ᠪᠦᠦ ᠱᠠᠨ ᠲᠣᠭᠤᠷᠢᠭ ᠲᠤ ᠢᠷᠡᠵᠦ ᠰᠢᠨᠵᠢᠯᠡᠨ ᠪᠠᠶᠢᠴᠠᠭᠠᠭᠰᠠᠨ ᠪᠦᠭᠡᠳ ᠨᠠᠶᠢᠳᠠᠯᠭ᠎ᠠ ᠪᠠᠷ ᠠᠷᠠᠯᠵᠢᠶᠠᠴᠢᠨ ᠤᠷᠢᠬᠤ ᠬᠡᠯᠡᠯᠴᠡᠭᠡᠷ ᠲᠣᠭᠲᠠᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠣᠭᠤᠷᠢᠭ ‍ᠤᠨ‌‍ᠲ᠋ᠠᠷᠤᠭ᠎ᠠ ᠵᠧᠦ ᠵᠠᠨ ᠯᠢ᠂ ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠣᠭᠤᠷᠢᠭ ᠤᠨ ᠮᠥᠩᠭᠦᠨ ᠭᠦᠢᠯᠭᠡᠭᠡ ᠪᠠ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠵᠡᠷᠭᠡ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃
  1_副本.jpg
     ᠶᠠᠷᠢᠯᠴᠠᠬᠤ ᠬᠤᠷᠠᠯ ᠳᠡᠭᠡᠷ᠎ᠡ ᠂ ᠵᠧᠦ ᠵᠠᠨ ᠯᠢ ᠂ ᠯᠢᠦ ᠸᠧᠨ ᠮᠢᠩ ᠨᠠᠷ ᠤᠨ ᠬᠦᠷᠦᠯᠴᠡᠨ ᠢᠷᠡᠭᠰᠡᠨ ᠳᠤ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠮᠠᠨ ᠤ ᠲᠣᠭᠤᠷᠢᠭ ᠤᠨ ᠦᠨᠳᠦᠰᠦᠨ ᠪᠠᠶᠢᠳᠠᠯ ᠢ ᠲᠠᠨᠢᠯᠴᠠᠭᠤᠯᠪᠠ ᠃ ᠲᠡᠷᠡ ᠂ ᠶᠤᠸᠠᠨ ᠪᠦᠦ ᠱᠠᠨ ᠲᠣᠭᠤᠷᠢᠭ  ᠨᠢ ᠵᠠᠮ ᠬᠠᠷᠢᠯᠴᠠᠭ᠎ᠠ ᠲᠦᠭᠦᠮ ᠂ ᠡᠬᠢ ᠪᠠᠶᠠᠯᠢᠭ ᠡᠯᠪᠡᠭ ᠂ ᠠᠮᠢ ᠠᠬᠤᠢ ᠰᠢᠯᠢᠳᠡᠭ ᠪᠦᠭᠡᠳ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠂ ᠦᠢᠯᠡᠳᠪᠦᠷᠢᠯᠡᠯ ᠤᠨ ᠡᠯᠧᠮᠧᠨ᠋ᠲ ᠤᠨ ᠪᠠᠲᠤᠯᠠᠭ᠎ᠠ ᠂ ᠢᠵᠢ ᠪᠦᠷᠢᠳᠦᠭᠰᠡᠨ ᠲᠥᠬᠦᠭᠡᠷᠦᠮᠵᠢ ᠂ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠵᠡᠷᠭᠡ ᠲᠠᠯ᠎ᠠ ᠪᠠᠷ ᠪᠦᠷ ᠳᠠᠪᠠᠭᠤᠯᠢᠭ ᠨᠦᠭᠦᠴᠡᠯ ᠲᠠᠢ᠂ ᠠᠵᠠ ᠲᠤᠬᠢᠶᠠᠯ ᠪᠠ ᠠᠮᠢᠵᠢᠷᠠᠯ ᠤᠨ ᠬᠦᠴᠦᠨ ᠪᠢᠯᠬᠠᠭᠰᠠᠨ ᠪᠡᠯᠡ ᠣᠷᠣᠭᠤᠯᠤᠯᠲᠠ ᠶᠢᠨ ᠬᠠᠯᠠᠭᠤᠨ ᠬᠦᠷᠦᠰᠦ ᠪᠠᠶᠢᠵᠤ ᠂  ᠠᠷᠠᠯᠵᠢᠶᠠᠴᠢᠳ ᠪᠡᠯᠡ ᠣᠷᠣᠭᠤᠯᠬᠤ ᠳᠤ ᠬᠢᠵᠠᠭᠠᠯᠠᠰᠢ ᠦᠭᠡᠢ ᠬᠦᠭᠵᠢᠯᠲᠡ ᠶᠢᠨ ᠣᠷᠣᠨ ᠵᠠᠢ ᠲᠠᠢ ᠪᠠᠶᠢᠳᠠᠭ᠃ ᠠᠵᠤ ᠠᠬᠤᠶᠢᠯᠠᠯᠲᠠᠳ ᠡᠨᠡ ᠤᠳᠠᠭᠠᠨ ᠤ ᠰᠢᠨᠵᠢᠯᠡᠨ ᠪᠠᠶᠢᠴᠠᠭᠠᠯᠲᠠ ᠪᠠᠷ ᠳᠠᠮᠵᠢᠨ ᠂ ᠶᠤᠸᠠᠨ ᠪᠦᠦ ᠱᠠᠨ ᠢ ᠨᠡᠩ ᠢᠯᠡᠭᠦᠦ ᠲᠠᠨᠢᠵᠤ ᠂ ᠶᠤᠸᠠᠨ ᠪᠦᠦ ᠱᠠᠨ ᠢ ᠨᠡᠩ ᠢᠯᠡᠭᠦᠦ ᠥᠢᠯᠠᠭᠠᠨ᠂ ᠶᠤᠸᠠᠨ ᠪᠦᠦ ᠱᠠᠨ ᠢ ᠨᠡᠩ ᠢᠯᠡᠭᠦᠦ ᠭᠠᠳᠠᠭᠰᠢ ᠲᠠᠨᠢᠯᠴᠠᠭᠤᠯᠵᠤ᠂ ᠨᠡᠩ ᠶᠡᠭᠡ ᠬᠡᠪᠴᠢᠶ᠎ᠡ ᠪᠠ ᠨᠡᠩ ᠥᠷᠭᠡᠨ ᠬᠦᠷᠢᠶᠡᠨ ᠳᠤ ᠬᠠᠮᠲᠤᠷᠠᠯᠴᠠᠭ᠎ᠠ ᠲᠣᠬᠢᠷᠠᠯᠴᠠᠵᠤ ᠂ ᠬᠠᠮᠲᠦ ᠪᠠᠷ ᠠᠰᠢᠭ ᠬᠦᠷᠲᠡᠨ ᠬᠠᠮᠲᠤ ᠪᠠᠷ ᠬᠦᠭᠵᠢᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠷᠬᠡᠶᠢᠯᠡᠪᠡ᠃
2_副本.png
     ᠱᠠᠨᠳᠦ᠋ᠩ ᠮᠤᠵᠢ ᠶᠢᠨ ᠤᠯᠠᠭᠠᠨᠬᠠᠳᠠ ᠶᠢᠨ ᠠᠷᠠᠯᠵᠢᠶᠠᠴᠢᠳ ᠤᠨ ᠡᠪᠯᠡᠯ ᠤᠨ ᠠᠵᠤ ᠠᠬᠤᠶᠢᠯᠠᠯᠲᠠᠳ  ᠠᠴᠠ ᠂ ᠲᠣᠰ ᠤᠳᠠᠭᠠᠨ ᠤ ᠰᠢᠨᠵᠢᠯᠡᠨ ᠪᠠᠶᠢᠴᠠᠭᠠᠬᠤ ᠪᠠᠷ ᠳᠡᠮᠵᠢᠨ᠂ ᠶᠤᠸᠠᠨ ᠪᠦᠦ ᠱᠠᠨ ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠶᠢᠨ ᠥᠷᠨᠢᠩᠭᠦᠢ ᠪᠠᠶᠢᠳᠠᠯ ᠢ ᠪᠡᠶ᠎ᠡ ᠪᠠᠷ ᠢᠶᠠᠨ ᠣᠶᠢᠯᠠᠭᠠᠵᠤ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠡᠰ ᠵᠣᠷᠢᠭ ᠪᠠ ᠪᠡᠯᠡ ᠣᠷᠣᠭᠤᠯᠤᠭᠴᠢᠳ ᠲᠤ ᠦᠢᠯᠡᠴᠢᠯᠡᠬᠦ ᠦᠨᠡᠨ ᠪᠣᠳᠣᠯ ᠢ ᠰᠡᠳᠬᠢᠯ ᠢᠶᠠᠷ ᠢᠶᠠᠨ ᠮᠡᠳᠡᠷᠡᠪᠡ᠃ ᠱᠠᠨᠳᠦ᠋ᠩ ᠮᠤᠵᠢ ᠶᠢᠨ ᠤᠯᠠᠭᠠᠨᠬᠠᠳᠠ ᠶᠢᠨ ᠠᠷᠠᠯᠵᠢᠶᠠᠴᠢᠳ ᠤᠨ ᠡᠪᠯᠡᠯ ᠪᠠᠰᠠ ᠶᠤᠸᠠᠨ ᠪᠦᠦ ᠱᠠᠨ ᠲᠣᠭᠤᠷᠢᠭ ᠲᠤ ᠪᠡᠯᠡ ᠣᠷᠣᠭᠤᠯᠬᠤ ᠠᠵᠠ ᠲᠣᠬᠢᠶᠠᠯ ᠢ ᠢᠳᠡᠪᠬᠢᠲᠡᠢ ᠡᠷᠢᠯᠬᠢᠯᠡᠵᠦ ᠂ ᠬᠤᠶᠠᠷ ᠲᠠᠯ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠨᠡᠩ ᠭᠦᠨ ᠳᠠᠪᠬᠤᠷᠭ᠎ᠠ ᠂ ᠨᠡᠩ ᠥᠷᠭᠡᠨ ᠬᠦᠷᠢᠶ᠎ᠡ ᠂ ᠨᠡᠩ ᠥᠨᠳᠥᠷ ᠲᠦᠪᠰᠢᠨ ᠲᠡᠶᠢᠰᠢ ᠤᠷᠤᠭᠰᠢᠯᠠᠬᠤ ᠶᠢ ᠠᠬᠢᠭᠤᠯᠤᠨ᠎ᠠ ᠭᠡᠵᠦ ᠢᠯᠡᠷᠬᠡᠶᠢᠯᠡᠪᠡ᠃
3_副本.jpg
     ᠬᠤᠷᠠᠯ ᠳᠡᠭᠡᠷ᠎ᠡ ᠂ ᠶᠤᠸᠠᠨ ᠪᠦᠦ ᠱᠠᠨ ᠲᠣᠭᠤᠷᠢᠭ ᠱᠠᠨᠳᠦ᠋ᠩ ᠮᠤᠵᠢ ᠶᠢᠨ ᠤᠯᠠᠭᠠᠨᠬᠠᠳᠠ ᠶᠢᠨ ᠠᠷᠠᠯᠵᠢᠶᠠᠴᠢᠳ ᠤᠨ ᠡᠪᠯᠡᠯ  ᠲᠠᠢ ᠨᠠᠶᠢᠳᠠᠯᠭ᠎ᠠ ᠪᠠᠷ ᠠᠷᠠᠯᠵᠢᠶᠠᠴᠢᠨ ᠤᠷᠢᠬᠤ ᠬᠡᠯᠡᠯᠴᠡᠭᠡᠷ ᠲᠣᠭᠲᠠᠵᠠᠢ ᠃
4_副本.jpg
     ᠬᠤᠷᠠᠯ ᠠᠴᠠ ᠡᠮᠦᠨ᠎ᠡ ᠂ ᠯᠢᠦ ᠸᠧᠨ ᠮᠢᠩ ᠨᠠᠷ ᠤᠷᠢᠳ ᠬᠤᠵᠢᠳ ᠫᠦ᠋ ᠶᠢᠨ ᠡᠮ ᠤᠨ ᠦᠢᠯᠡᠰ ᠂ ᠫᠦ᠋ ᠯᠢ ᠲᠠᠢ ᠂ ᠳ᠋ᠠ ᠳ᠋ᠢ ᠶᠦᠨ ᠲᠢᠶᠠᠨ ᠵᠡᠷᠭᠡ ᠠᠵᠤ ᠠᠬᠤᠶᠢᠯᠠᠯ ᠳᠤ ᠬᠦᠷᠦᠨ ᠠᠬᠤᠢ ᠲᠠᠯᠠᠪᠤᠷ ᠲᠤ ᠨᠢ ᠰᠢᠨᠵᠢᠯᠡᠨ ᠪᠠᠶᠢᠴᠠᠭᠠᠵᠤ ᠂ ᠠᠵᠤ ᠠᠬᠤᠶᠢᠯᠠᠯ ᠤᠨ ᠲᠥᠯᠦᠪᠵᠢᠭᠦᠯᠭᠡ ᠪᠣᠯᠣᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠵᠡᠷᠭᠡ ᠶᠢ ᠭᠦᠨᠵᠡᠭᠡᠢ ᠥᠢᠯᠠᠭᠠᠭᠰᠠᠨ ᠪᠠᠶᠢᠨ᠎ᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1