ᠶᠤᠸᠠᠨ ᠪᠦᠦ ᠱᠠᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠪᠣᠯᠬᠢᠵᠢᠵᠤ ᠠᠷᠠᠯᠵᠢᠶᠠᠵᠢᠵᠦ ᠪᠠᠶᠢᠭ᠎ᠠ ᠠᠰᠠᠭᠤᠳᠠᠯ ᠎ ᠢ ᠲᠥᠪᠯᠡᠷᠡᠭᠦᠯᠦᠨ ᠵᠠᠰᠠᠬᠤ ᠲᠤᠬᠠᠢ ᠲᠤᠰᠬᠠᠢ ᠰᠡᠳᠦᠪ ᠢᠶᠠᠷ ᠰᠤᠳᠤᠯᠤᠨ  ᠶᠠᠷᠢᠯᠴᠠᠪᠠ
ᠨᠡᠶᠢᠲᠡᠯᠡᠭᠰᠡᠨ ᠴᠠᠭ᠄
2022/5/20
     ᠣᠶᠢᠷ᠎ᠠ ᠳᠤ᠂ ᠶᠤᠸᠠᠨ ᠪᠦᠦ ᠱᠠᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ  ᠪᠣᠯᠬᠢᠵᠢᠵᠤ ᠠᠷᠠᠯᠵᠢᠶᠠᠵᠢᠵᠤ ᠪᠠᠶᠢᠭ᠎ᠠ ᠠᠰᠠᠭᠤᠳᠠᠯ ᠢ ᠲᠥᠪᠯᠡᠷᠡᠭᠦᠯᠦᠨ ᠵᠠᠰᠠᠬᠤ ᠲᠤᠰᠬᠠᠢ ᠰᠡᠳᠦᠪᠲᠦ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ᠃
1_副本.jpg
     ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠎ ᠤᠨ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠡᠭᠴᠡᠯᠡᠬᠦ ᠲᠤᠬᠠᠢ ᠴᠢᠬᠤᠯᠠ ᠥᠭᠦᠯᠡᠯᠲᠡ ᠂ ︽ ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠳᠦᠷᠢᠮ ᠨᠦᠭᠦᠳ︾ ᠂ ︽ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ ︾ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶᠠᠨ ᠤ ᠰᠦᠩ ᠯᠢᠶᠠᠩ ᠤᠨ ᠰᠠᠬᠢᠯᠭ᠎ᠠ ᠪᠠᠲᠤ ᠶᠢ ᠬᠦᠨᠳᠦ ᠨᠣᠴᠢᠲᠠᠢ ᠵᠥᠷᠢᠴᠡᠭᠰᠡᠨ  ᠬᠡᠷᠡᠭ ᠶᠠᠪᠤᠳᠠᠯ ᠤᠨ ᠵᠢᠱᠢᠶ᠎ᠡ ᠪᠠᠷ ᠦᠭᠡᠷᠡᠴᠢᠯᠡᠨ ᠵᠠᠰᠠᠬᠤ ᠶᠢ ᠠᠬᠢᠭᠤᠯᠬᠤ ᠲᠤᠬᠠᠢ ᠬᠠᠮᠢᠶ᠎ᠠ ᠪᠦᠬᠦᠢ ᠱᠠᠭᠠᠷᠳᠠᠯᠭ᠎ᠠ ᠵᠡᠷᠭᠡ ᠠᠭᠤᠯᠭ᠎ᠠ ᠶᠢ ᠲᠥᠪᠯᠡᠷᠡᠭᠦᠯᠦᠨ ᠰᠤᠷᠤᠯᠴᠠᠵᠠᠢ ᠃      ᠬᠤᠷᠠᠯ ᠳᠡᠭᠡᠷ᠎ᠡ᠂ ᠨᠠᠮ ᠤᠨ ᠭᠡᠰᠢᠭᠦᠨ ᠺᠠᠳ᠋ᠷᠴᠤᠳ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ︽ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠪᠣᠯᠬᠢᠵᠢᠵᠤ ᠠᠷᠠᠯᠵᠢᠶᠠᠵᠢᠵᠤ ᠪᠠᠶᠢᠭ᠎ᠠ ᠠᠰᠠᠭᠤᠳᠠᠯ ᠢ ᠲᠥᠪᠯᠡᠷᠡᠭᠦᠯᠦᠨ ᠵᠠᠰᠠᠬᠤ︾ ᠭᠤᠣᠯ ᠰᠡᠳᠦᠪ ᠤᠨ ᠲᠣᠭᠤᠷᠢᠨ ᠳᠤ ᠦᠵᠡᠯ ᠰᠠᠨᠠᠭ᠎ᠠ ᠲᠠᠨᠢᠯᠲᠠ ᠪᠠᠨ ᠶᠠᠷᠢᠵᠠᠭᠠᠵᠤ᠂ ᠰᠤᠷᠤᠯᠴᠠᠨ ᠶᠠᠷᠢᠯᠴᠠᠬᠤ ᠪᠠᠷ ᠳᠠᠮᠵᠢᠨ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠡᠭᠴᠡᠯᠡᠬᠦ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ ᠂ ᠤᠳᠤ ᠠᠴᠠ ᠡᠬᠢᠯᠡᠨ ᠬᠢᠵᠦ ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ ᠂ ᠨᠠᠷᠢᠨ ᠵᠦᠢᠯᠡᠰ ᠠᠴᠠ ᠡᠬᠢᠯᠡᠨ ᠬᠢᠵᠦ ᠂ ︽ ᠠᠷᠪᠠᠨ ᠨᠢᠭᠡᠨ ᠴᠡᠭᠡᠷᠯᠡᠯ︾ ᠵᠡᠷᠭᠡ ᠡᠯ᠎ᠡ ᠵᠦᠢᠯ ᠤᠨ ᠰᠠᠬᠢᠯᠭ᠎ᠠ ᠪᠠᠲᠤ ᠶᠢᠨ ᠲᠣᠭᠲᠠᠭᠠᠯ ᠢ ᠴᠢᠩᠭ᠎ᠠ ᠵᠢᠷᠤᠮᠯᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠨ ᠂ ᠶᠣᠰᠣ ᠮᠣᠷᠠᠯ ᠤᠨ ᠪᠣᠯᠪᠠᠰᠤᠷᠠᠯ ᠢᠶᠠᠨ ᠴᠢᠩᠭᠠᠳᠬᠠᠵᠤ ᠂ ᠦᠵᠡᠯ ᠰᠠᠨᠠᠭᠠᠨ ᠤ ᠰᠠᠭᠤᠷᠢ ᠪᠠᠨ  ᠪᠠᠬᠢᠵᠢᠭᠦᠯᠦᠨ᠂ ᠲᠤᠬᠠᠶᠢᠯᠠᠭᠰᠠᠨ ᠠᠵᠢᠯ ᠤᠨ ᠬᠡᠪ ᠴᠢᠨᠠᠷ ᠢᠶᠠᠨ ᠳᠡᠭᠡᠭᠰᠢᠯᠡᠭᠦᠯᠵᠦ ᠂ ᠲᠥᠪᠯᠡᠷᠡᠭᠦᠯᠦᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ ᠭᠡᠵᠦ ᠰᠠᠨᠠᠯ ᠨᠢᠭᠡᠲᠡᠢ ᠢᠯᠡᠷᠬᠡᠶᠢᠯᠡᠵᠡᠭᠡᠪᠡ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1