| 5 ᠰᠠᠷ᠎ᠠ ᠶᠢᠨ 20 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ | ᠶᠢᠰᠦᠳᠦᠭᠡᠷ ᠬᠤᠭᠤᠴᠠᠭᠠᠨ ᠤ ᠲᠣᠭᠤᠷᠢᠭ ᠤᠨ ᠨᠠᠮ ᠤᠨ ᠬᠤᠷᠢᠶᠠᠨ ᠤ 40 ᠳ᠋ᠤᠭᠡᠷ ᠤᠳᠠᠭᠠᠨ ᠤ ᠪᠠᠶᠢᠩᠭᠤ ᠶᠢᠨ | ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠭᠦᠨ ᠵᠠᠩ ᡁᠢ ᠸᠧᠢ᠂ ᠯᠢ ᠰᠢᠨ ᠢᠦᠢ᠂ ᠬᠠᠨ ᠶᠠᠨ ᠵᠢᠶᠦ᠋ᠨ᠂ | ᠯᠤᠸᠠᠨ ᠶᠦᠨ ᠾᠧ᠂ ᠯᠢ ᡁᠢ ᠭᠠᠩ᠂ ᠵᠠᠩ ᠯᠢ ᠲᠤᠸ ᠬᠤᠷᠠᠯ ᠳᠤ ᠣᠷᠣᠯᠴᠠᠪᠠ᠃ ᠲᠣᠭᠤᠷᠢᠭ ᠤᠨ | ᠤᠳᠤᠷᠢᠳᠤᠯᠭ᠎ᠠ ᠯᠢ ᠺᠠᠢ ᠂ ᠸᠠᠩ ᠵᠧᠨ ᠯᠢᠶᠠᠩ ᠂ ᠶᠢᠨ ᠮᠢᠩ ᠂ ᠫᠧᠩ ᠰᠢᠶᠣᠣ ᠵᠢᠤᠸᠠᠨ᠂ ᠹᠠᠨ ᠰᠢᠶᠣᠣ ᠴᠢᠦ ᠵᠢᠴᠢ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠡᠯ᠎ᠡ ᠰᠢᠶᠠᠩ ᠪᠠᠯᠭᠠᠰᠤ ᠵᠡᠭᠡᠯᠢ ᠶᠢᠨ ᠬᠠᠷᠢᠭᠤᠴᠠᠯᠭᠠᠲᠠᠨ ᠨᠥᠬᠦᠳ | ᠬᠤᠷᠠᠯ ᠳᠤ ᠰᠤᠯᠠ ᠣᠷᠣᠯᠴᠠᠪᠠ᠃ | | | | | ᠬᠤᠷᠠᠯ ᠳᠡᠭᠡᠷ᠎ᠡ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ | ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠂ ︽ ᠲᠦᠷᠦ ᠶᠢᠨ ᠶᠠᠪᠤᠳᠠᠯ ᠤᠨ ᠬᠤᠷᠢᠶ᠎ᠠ ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ︿ ᠡᠷᠦᠭᠡ ᠶᠢᠨ ᠴᠡᠷᠢᠭ ᠤᠨ ᠪᠠᠶᠢᠭᠤᠯᠤᠯᠲᠠ ᠶᠢᠨ ︿ ᠠᠷᠪᠠᠨ ᠳᠥᠷᠪᠡᠳᠦᠭᠡᠷ ᠲᠠᠪᠤᠨ ᠵᠢᠯ ﹀﹀ ᠤᠨ | ᠲᠥᠯᠦᠪᠵᠢᠭᠦᠯᠭᠡ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ ﹀ ︾ ᠭᠡᠬᠦ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠳᠠᠮᠵᠢᠭᠤᠯᠤᠨ ᠰᠤᠷᠤᠯᠴᠠᠪᠠ︔ ᠮᠠᠨ ᠤ ᠲᠣᠭᠤᠷᠢᠭ ᠤᠨ ᠡᠷᠦᠬᠡ ᠶᠢᠨ ᠴᠡᠷᠢᠭ ᠤᠨ ᠪᠠᠶᠢᠭᠤᠯᠤᠯᠲᠠ ᠶᠢᠨ ᠠᠵᠢᠯ᠂ | ᠪᠥᠬᠦ ᠤᠯᠤᠰ ᠤᠨ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ | ᠲᠤᠷᠰᠢᠯᠲᠠ ᠶᠢᠨ ᠴᠡᠭ ᠤᠨ ᠬᠢᠷᠢ ᠲᠡᠩᠴᠡᠭᠰᠡᠨ ᠬᠤᠲᠠ ᠶᠢ ᠪᠦᠲᠦᠭᠡᠨ ᠪᠠᠶᠢᠭᠤᠯᠬᠤ ᠠᠵᠢᠯ᠂ ᠦᠪᠡᠷ ᠢᠶᠠᠨ | ᠪᠠᠷᠢᠭᠰᠠᠨ ᠭᠡᠷ ᠪᠠᠶᠢᠰᠢᠩ ᠤᠨ ᠠᠶᠤᠯ ᠲᠦᠭᠰᠢᠭᠦᠷᠢ ᠶᠢᠨ ᠬᠡᠮ ᠰᠤᠭᠤᠭ ᠢ ᠡᠩᠨᠡᠭᠦᠯᠦᠨ ᠪᠠᠶᠢᠴᠠᠭᠠᠵᠤ ᠴᠡᠭᠴᠡᠯᠡᠨ | ᠵᠠᠰᠠᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ︽ ᠶᠤᠸᠠᠨ ᠪᠦᠦ ᠱᠠᠨ | ᠲᠣᠭᠤᠷᠢᠭ ᠤᠨ 2022 ᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠬᠡᠷᠡᠭᠵᠢᠭᠦᠯᠬᠦ ᠲᠦᠰᠦᠪ | ︵ᠬᠢᠨᠠᠭᠤᠯᠬᠤ ᠨᠤᠤᠷᠠᠭ︶ ︾ ᠂ ︽ ᠶᠤᠸᠠᠨ ᠪᠦᠦ ᠱᠠᠨ ᠲᠣᠭᠤᠷᠢᠭ ᠤᠨ ᠡᠮᠡᠭᠲᠡᠶᠢᠴᠦᠳ ᠤᠨ ᠬᠥᠭᠵᠢᠯᠲᠡ ᠶᠢᠨ | ᠲᠥᠯᠦᠪᠵᠢᠭᠦᠯᠭᠡ ︵2021 — 2030 ᠣᠨ︶ ︵ ᠬᠢᠨᠠᠭᠤᠯᠬᠤ ᠨᠣᠣᠷᠠᠭ︶ ︾ ᠂ ︽ ᠶᠤᠸᠠᠨ ᠪᠦᠦ ᠱᠠᠨ | ᠲᠣᠭᠤᠷᠢᠭ ᠤᠨ ᠬᠡᠦᠬᠡᠳ ᠤᠨ ᠬᠥᠭᠵᠢᠯᠲᠡ ᠶᠢᠨ ᠲᠥᠯᠦᠪᠵᠢᠭᠦᠯᠭᠡ ︵2021 — 2030 ᠣᠨ︶ ︵ | ᠬᠢᠨᠠᠭᠤᠯᠬᠤ ᠨᠣᠣᠷᠠᠭ︶ ︾ ᠂ ︽ᠶᠤᠸᠠᠨ ᠪᠦᠦ ᠱᠠᠨ ᠲᠣᠭᠤᠷᠢᠭ ᠤᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ | ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠮᠡᠳᠡᠭᠦᠯᠦᠯᠲᠡ ︵ ᠬᠢᠨᠠᠭᠤᠯᠬᠤ | ᠨᠣᠣᠷᠠᠭ ︶︾ ᠂ ︽ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠯᠪᠠᠨ ᠤ ᠡᠮᠨᠡᠯᠭᠡ ᠶᠢᠨ | ᠬᠤᠷᠢᠶ᠎ᠡ ᠳᠠᠩᠰᠠᠯᠠᠬᠤ ᠳᠦᠷᠢᠮᠲᠦ ᠠᠵᠢᠯᠲᠠᠨ ᠢ ᠢᠯᠡ ᠪᠠᠷ ᠰᠢᠭᠤᠳ ᠡᠯᠰᠡᠬᠦ ᠲᠦᠰᠦᠪ ︵ ᠬᠢᠨᠠᠭᠤᠯᠬᠤ ᠨᠣᠣᠷᠠᠭ︶︾ | ᠂ ︽ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨᠠᠯᠪᠠᠨ ᠤ ᠡᠮᠨᠡᠯᠭᠡ ᠶᠢᠨ ᠬᠤᠷᠢᠶ᠎ᠡ ᠳᠠᠩᠰᠠᠯᠠᠬᠤ | ᠳᠦᠷᠢᠮᠲᠦ ᠠᠵᠢᠯᠲᠠᠨ ᠢ ᠢᠯᠡ ᠪᠠᠷ ᠰᠢᠯᠭᠠᠨ ᠡᠯᠰᠡᠬᠦ ᠲᠦᠰᠦᠪ ︵ ᠬᠢᠨᠠᠭᠤᠯᠬᠤ ᠨᠣᠣᠷᠠᠭ︶︾ ᠂ ︽ᠶᠢᠰᠦᠳᠦᠭᠡᠷ | ᠬᠤᠭᠤᠴᠠᠭᠠᠨ ᠤ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ | ᠲᠥᠯᠦᠪᠵᠢᠭᠦᠯᠭᠡ ︵2022 ︱ 2026 ᠣᠨ︶ ︵ᠲᠤᠷᠰᠢᠨ ᠬᠡᠷᠡᠭᠵᠢᠭᠦᠯᠬᠦ︶ ︵ ᠬᠢᠨᠠᠭᠤᠯᠬᠤ ᠨᠣᠣᠷᠠᠭ ︶︾ ᠢ | ᠬᠢᠨᠠᠨ ᠵᠦᠪᠯᠡᠭᠰᠡᠨ ᠪᠦᠭᠡᠳ ᠵᠠᠷᠴᠢᠮᠵᠢᠭᠤᠯᠤᠨ ᠪᠠᠲᠤᠯᠠᠵᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ ᠃ | | | | | ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠨᠠᠮ ᠤᠨ ᠲᠥᠪ ᠬᠤᠷᠢᠶ᠎ᠠ ᠠᠴᠠ | ᠵᠠᠯᠠᠭᠤ ᠨᠢᠭᠡ ᠦᠶ᠎ᠡ ᠶᠢᠨ ᠬᠢᠨ ᠢ ᠳᠣᠲᠣᠨᠣ ᠪᠠᠷ ᠬᠠᠯᠠᠮᠵᠢᠯᠠᠵᠤ ᠂ ᠨᠠᠮ ᠤᠨ ᠲᠥᠪ ᠬᠤᠷᠢᠶ᠎ᠠ ᠠᠴᠠ ᠡᠪ ᠬᠠᠮᠲᠤ | ᠵᠠᠯᠠᠭᠤᠴᠤᠳ ᠤᠨ ᠡᠪᠯᠡᠯ ᠤᠨ ᠦᠢᠯᠡᠰ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠢᠯᠡᠷᠡᠭᠦᠯᠵᠦ ᠂ | ᠮᠠᠨ ᠤ ᠲᠣᠭᠤᠷᠢᠭ ᠤᠨ ᠰᠢᠨ᠎ᠡ ᠴᠠᠭ ᠦᠶ᠎ᠡ ᠶᠢᠨ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠢ ᠰᠠᠶᠢᠲᠤᠷ | ᠬᠢᠬᠦ ᠳᠤ ᠤᠷᠤᠭᠰᠢᠯᠠᠬᠤ ᠴᠢᠭᠯᠡᠯ ᠢ ᠵᠢᠭᠠᠵᠤ ᠂ ᠦᠨᠳᠦᠰᠦᠨ ᠵᠢᠷᠤᠮᠯᠠᠯ ᠬᠠᠩᠭᠠᠵᠠᠢ ᠃ ᠪᠦᠬᠦ ᠲᠣᠭᠤᠷᠢᠭ ᠤᠨ ᠡᠪ | ᠬᠠᠮᠲᠤ ᠵᠠᠯᠠᠭᠤᠴᠤᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠨᠢ ᠰᠢ ᠶᠢᠨ ᠫᠢᠩ ᠶᠡᠷᠦᠩᠬᠡᠢ ᠱᠦᠵᠢ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠲᠡᠷᠢᠭᠦᠨ ᠴᠢᠬᠤᠯᠠ | ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ᠨᠠᠷᠢᠯᠢᠭ ᠲᠥᠯᠥᠪᠵᠢᠭᠦᠯᠵᠦ ᠂ ᠨᠢᠭᠲᠠ ᠲᠣᠬᠢᠷᠠᠭᠤᠯᠤᠨ᠂ ᠡᠪᠯᠡᠯ ᠤᠨ | ᠬᠠᠷᠢᠶᠠᠲᠤ ᠤᠬᠠᠭᠤᠯᠭ᠎ᠠ ᠶᠢᠨ ᠭᠠᠵᠠᠷ ᠢ ᠠᠰᠢᠭᠯᠠᠵᠤ ᠂ ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ ᠂ | ᠤᠯᠠᠨ ᠡᠰᠢᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ | ᠦᠨᠢᠷ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ︔ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠶᠢ ᠡᠯ᠎ᠡ ᠵᠦᠢᠯ ᠤᠨ ᠠᠵᠢᠯ ᠲᠠᠢ ᠤᠶᠠᠯᠳᠤᠭᠤᠯᠵᠤ ᠂ ︽ ᠬᠤᠷᠢᠳᠤᠭᠠᠷ ᠶᠡᠭᠡ ᠬᠤᠷᠠᠯ ᠢ ᠪᠠᠶᠠᠷᠯᠠᠨ | ᠤᠭᠲᠤᠵᠤ ᠂ ᠨᠠᠮ ᠢᠶᠠᠨ ᠡᠭᠦᠷᠢᠳᠡ ᠳᠠᠭᠠᠵᠤ ᠂ ᠰᠢᠨ᠎ᠡ ᠠᠶᠠᠨ ᠳᠤ ᠪᠠᠨ ᠡᠷᠡᠯᠬᠡᠭᠯᠡᠨ ᠤᠷᠤᠭᠰᠢᠯᠠᠶ᠎ᠠ ︾ ᠭᠡᠬᠦ ᠭᠤᠣᠯ | ᠰᠡᠳᠦᠪᠲᠦ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠶᠠᠪᠤᠭᠳᠠᠭᠤᠯᠵᠤ᠂ ᠡᠪ ᠬᠠᠮᠲᠤ | ᠵᠠᠯᠠᠭᠤᠴᠤᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠬᠦᠴᠦᠨ ᠂ ᠵᠣᠬᠢᠶᠠᠨ | ᠪᠠᠶᠢᠭᠤᠯᠬᠤ ᠬᠦᠴᠦᠨ ᠂ ᠦᠢᠯᠡᠴᠢᠯᠡᠬᠦ ᠬᠦᠴᠦᠨ ᠢ ᠴᠢᠩᠭᠠᠷᠠᠭᠤᠯᠬᠤ ᠬᠡᠷᠡᠭᠲᠡᠢ ︔ ᠵᠠᠯᠠᠭᠤᠴᠤᠳ ᠤᠨ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠵᠠᠯᠠᠭᠤᠴᠤᠳ ᠤᠨ ᠨᠠᠶᠢᠵᠠ ᠪᠣᠯᠵᠤ ᠂ ᠵᠠᠯᠠᠭᠤᠴᠤᠳ ᠤᠨ ᠪᠣᠳᠠᠲᠤ | ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ ᠂ ᠠᠷᠭ᠎ᠠ ᠪᠦᠬᠦᠨ ᠢ ᠰᠦᠪᠡᠭᠴᠢᠯᠡᠨ ᠵᠠᠯᠠᠭᠤᠴᠤᠳ ᠲᠤ ᠪᠣᠳᠠᠲᠠᠢ | ᠶᠠᠪᠤᠳᠠᠯ ᠬᠢᠵᠦ ᠦᠭᠭᠦᠨ᠂ ᠬᠦᠴᠢᠷ ᠶᠠᠪᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ ︔ ᠡᠪ ᠬᠠᠮᠲᠤ | ᠵᠠᠯᠠᠭᠤᠴᠤᠳ ᠤᠨ ᠡᠪᠯᠡᠯ ᠤᠨ ᠭᠡᠰᠢᠭᠦᠨ ᠤ ᠳᠣᠲᠣᠷ᠎ᠠ ᠠᠴᠠ ᠵᠠᠯᠠᠭᠤ ᠨᠠᠮ ᠤᠨ ᠭᠡᠰᠢᠭᠦᠨ ᠢ ᠬᠥᠮᠥᠵᠢᠭᠦᠯᠦᠨ | ᠪᠥᠢᠵᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠨᠠᠮ ᠤᠨ ᠪᠠᠶᠢᠭᠤᠯᠤᠯᠲᠠ ᠪᠠᠷ ᠡᠪᠯᠡᠯ ᠤᠨ | ᠪᠠᠶᠢᠭᠤᠯᠤᠯᠲᠠ ᠶᠢ ᠳᠠᠶᠢᠴᠢᠯᠠᠬᠤ ᠳᠦᠷᠢᠮ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠪ ᠬᠠᠮᠲᠤ | ᠵᠠᠯᠠᠭᠤᠴᠤᠳ ᠤᠨ ᠡᠪᠯᠡᠯ ᠤᠨ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠭᠦᠨᠵᠡᠭᠡᠢ ᠰᠤᠳᠤᠯᠤᠨ | ᠰᠢᠢᠳᠪᠦᠷᠢᠯᠡᠵᠦ ᠂ ᠡᠪ ᠬᠠᠮᠲᠤ ᠵᠠᠯᠠᠭᠤᠴᠤᠳ ᠤᠨ ᠡᠪᠯᠡᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ | ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃ | ᠬᠤᠷᠠᠯ ᠠᠴᠠ᠂ ᠪᠦᠬᠦ ᠲᠣᠭᠤᠷᠢᠭ ᠢᠶᠠᠷ ᠢᠶᠠᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ ᠂ ︽ | ᠡᠷᠦᠬᠡ ᠶᠢᠨ ᠴᠡᠷᠢᠭ ᠤᠨ ᠪᠠᠶᠢᠭᠤᠯᠤᠯᠲᠠ ᠶᠢᠨ ︿ ᠠᠷᠪᠠᠨ ᠳᠥᠷᠪᠡᠳᠦᠭᠡᠷ ᠲᠠᠪᠤᠨ ᠵᠢᠯ ﹀ ᠤᠨ ᠲᠥᠯᠦᠪᠵᠢᠭᠦᠯᠭᠡ ︾ | ᠶᠢᠨ ᠭᠤᠣᠯ ᠤᠳᠬ᠎ᠠ᠂ ᠭᠤᠣᠯᠳᠠᠯᠭ᠎ᠠ ᠲᠠᠢ ᠠᠭᠤᠯᠭ᠎ᠠ ᠶᠢ ᠪᠦᠬᠦ ᠲᠠᠯ᠎ᠠ ᠪᠠᠷ ᠭᠦᠨᠵᠡᠭᠡᠢ ᠣᠶᠢᠯᠠᠭᠠᠨ ᠡᠵᠡᠮᠰᠢᠵᠦ ᠂ | ᠡᠷᠦᠬᠡ ᠶᠢᠨ ᠴᠡᠷᠢᠭ ᠤᠨ ᠪᠠᠶᠢᠭᠤᠯᠤᠯᠲᠠ ᠶᠢᠨ ᠠᠵᠢᠯ ᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ | ᠪᠣᠳᠠᠲᠠᠢ ᠪᠥᠭᠡᠳ ᠨᠠᠷᠢᠯᠢᠭ ᠠᠳᠬᠤᠵᠤ ᠂ ᠦᠷ᠎ᠡ ᠪᠦᠲᠦᠮᠵᠢ ᠭᠠᠷᠭᠠᠵᠤ ᠂ ︽ ᠨᠠᠮ ᠤᠨ ᠵᠢᠯᠣᠭᠤᠳᠤᠯᠭ᠎ᠠ ᠶᠢ ᠲᠠᠭᠠᠬᠤ ᠂ | ᠢᠯᠠᠬᠤ ᠲᠤᠯᠤᠯᠳᠤᠭᠠᠨ ᠬᠢᠵᠦ ᠴᠢᠳᠠᠬᠤ᠂ ᠰᠤᠷᠲᠠᠯ ᠰᠢᠯᠢᠳᠡᠭ︾ ᠡᠷᠦᠬᠡ ᠶᠢᠨ ᠴᠡᠷᠢᠭ ᠤᠨ ᠡᠩᠨᠡᠭᠡ ᠶᠢ ᠪᠦᠬᠦ | ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ ᠃ ᠡᠷᠦᠬᠡ ᠶᠢᠨ ᠴᠡᠷᠢᠭ ᠤᠨ ᠠᠵᠢᠯ ᠤᠨ ᠤᠳᠤᠷᠢᠳᠬᠤ ᠳᠤᠭᠤᠶᠢᠯᠠᠩ ᠤᠨ | ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ ᠂ ᠵᠡᠷᠭᠡᠪᠡᠷ | ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠠᠶᠢᠭᠤᠯᠵᠤ ᠂ ᠡᠷᠦᠬᠡ ᠶᠢᠨ ᠴᠡᠷᠢᠭ ᠤᠨ | ᠪᠠᠶᠢᠭᠤᠯᠤᠯᠲᠠ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ︔ ︽ ᠳᠡᠷᠭᠡᠳᠡ ᠪᠠᠨ | ᠪᠠᠶᠢᠭᠤᠯᠵᠤ ᠂ ᠭᠠᠷ ᠲᠤ ᠪᠠᠨ ᠠᠳᠬᠤᠵᠤ ᠂ ᠵᠠᠩᠭᠢᠯᠠᠭ᠎ᠠ ᠳᠡᠭᠡᠷ᠎ᠡ ᠬᠡᠷᠡᠭᠯᠡᠬᠦ ︾ ᠵᠠᠷᠴᠢᠮ ᠶᠣᠰᠣᠭᠠᠷ ᠂ ᠡᠷᠦᠬᠡ ᠶᠢᠨ | ᠴᠡᠷᠢᠭ ᠤᠨ ᠠᠵᠢᠯ ᠢ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠭᠤᠰᠤᠯᠴᠠᠭᠤᠯᠬᠤ ᠶᠢ | ᠠᠬᠢᠭᠤᠯᠵᠤ ᠂ ᠲᠤᠰᠠᠯᠠᠮᠵᠢ ᠦᠵᠡᠭᠦᠯᠦᠨ ᠪᠠᠲᠤᠯᠠᠭ᠎ᠠ ᠬᠠᠩᠭᠠᠬᠤ᠂ ᠲᠣᠭᠲᠠᠭᠤᠨ ᠢ ᠬᠠᠮᠠᠭᠠᠯᠠᠵᠤ ᠰᠦᠷᠳᠡᠭᠦᠯᠦᠯ ᠢ | ᠡᠰᠡᠷᠭᠦᠴᠡᠬᠦ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯᠯᠠᠭ᠎ᠠ ᠳᠤ ᠢᠳᠡᠪᠬᠢᠲᠡᠢ ᠦᠢᠯᠡᠳᠦᠯ | ᠦᠵᠡᠭᠦᠯᠵᠦ ᠂ ᠪᠦᠬᠦ ᠲᠣᠭᠤᠷᠢᠭ ᠤᠨ ᠠᠵᠤ ᠠᠬᠤᠢ ᠨᠡᠶᠢᠭᠡᠮ ᠤᠨ ᠠᠮᠤᠷ ᠲᠦᠪᠰᠢᠨ ᠬᠦᠭᠵᠢᠯᠲᠡ ᠳᠤ ᠬᠦᠴᠦᠲᠡᠢ | ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠬᠤᠷᠠᠯ ᠠᠴᠠ ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ | ᠪᠣᠯ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ᠎ᠠ ᠂ | ᠤᠯᠤᠰ ᠠᠴᠠ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ | ᠴᠢᠬᠤᠯᠠ ᠠᠷᠭ᠎ᠠ ᠬᠡᠮᠵᠢᠶ᠎ᠡ ᠪᠣᠯᠣᠨ᠎ᠠ ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠢᠨ ︽ | ᠡᠭᠦᠷᠭᠡ ᠶᠢᠨ ᠨᠠᠷᠢᠨ ᠳᠡᠮᠳᠡᠭᠯᠡᠯ ᠵᠢᠴᠢ ᠬᠢᠨᠠᠨ ᠦᠨᠡᠯᠡᠬᠦ ᠨᠠᠷᠢᠨ ᠳᠦᠷᠢᠮ ︾ ᠲᠠᠢ ᠨᠢᠭᠲᠠ ᠬᠠᠷᠭᠤᠭᠤᠯᠵᠤ᠂ ᠵᠦᠢᠯ | ᠵᠤᠷᠪᠤᠰ ᠳᠠᠷᠠᠭᠠᠯᠠᠨ ᠰᠤᠳᠤᠯᠵᠤ ᠂ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ ᠂ ᠡᠯ᠎ᠡ ᠵᠦᠢᠯ ᠤᠨ ᠡᠭᠦᠷᠭᠡ ᠪᠠᠨ | ᠴᠢᠨᠠᠷ ᠰᠠᠶᠢᠲᠠᠢ ᠪᠡᠶᠡᠯᠡᠭᠦᠯᠬᠦ ᠶᠢᠨ ᠬᠠᠮᠲᠤ ᠂ ᠨᠡᠶᠢᠭᠡᠮ ᠤᠨ ᠵᠠᠰᠠᠯᠲᠠ ᠂ ᠠᠮᠤᠷ ᠲᠣᠭᠲᠠᠭᠤᠨ ᠤ ᠪᠠᠶᠢᠭᠤᠯᠤᠯᠲᠠ ᠂ | ᠠᠶᠤᠯ ᠲᠦᠭᠰᠢᠭᠦᠷᠢ ᠶᠢᠨ ᠰᠡᠷᠭᠡᠶᠢᠯᠡᠯᠲᠡ ᠵᠡᠷᠭᠡ ᠲᠠᠯ᠎ᠠ ᠶᠢᠨ ᠳᠦᠷᠢᠮ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ | ᠡᠭᠦᠳᠦᠨ ᠪᠠᠶᠢᠭᠤᠯᠬᠤ ᠠᠵᠢᠯ ᠪᠣᠯᠣᠨ ᠨᠡᠶᠢᠭᠡᠮ ᠤᠨ ᠵᠠᠰᠠᠯᠲᠠ ᠶᠢᠨ ᠪᠠᠶᠢᠩᠭᠤ ᠶᠢᠨ ᠠᠵᠢᠯᠯᠠᠭ᠎ᠠ ᠤᠷᠲᠤᠮᠵᠢ ᠶᠢᠨ | ᠦᠷ᠎ᠡ ᠪᠦᠲᠦᠮᠵᠢ ᠶᠢᠨ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠲᠣᠭᠤᠷᠢᠭ ᠤᠨ | ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠲᠦᠷᠦᠭᠦᠯᠡᠨ ᠶᠡᠷᠦᠩᠬᠡᠶᠢᠯᠡᠨ ᠠᠳᠬᠤᠵᠤ᠂ | ᠨᠢᠭᠡᠳᠦᠯᠲᠡᠢ ᠵᠣᠬᠢᠴᠠᠭᠤᠯᠤᠨ ᠱᠠᠯᠠᠪᠳᠠᠨ ᠨᠠᠶᠢᠳᠠᠪᠤᠷᠢᠵᠢᠭᠤᠯᠵᠤ᠂ ᠲᠡᠷᠢᠭᠦᠨ ᠤ ᠲᠤᠷᠰᠢᠯᠭ᠎ᠠ ᠵᠢᠴᠢ ᠠᠷᠭ᠎ᠠ ᠬᠢᠳᠡᠯ ᠢ | ᠶᠡᠬᠡᠪᠡᠷ ᠳᠡᠯᠭᠡᠷᠡᠭᠦᠯᠦᠨ᠂ ᠪᠥᠬᠦ ᠲᠣᠭᠤᠷᠢᠭ ᠤᠨ ᠨᠡᠶᠢᠭᠡᠮ ᠤᠨ ᠵᠠᠰᠠᠯᠲᠠ ᠶᠢᠨ ᠴᠢᠳᠠᠪᠤᠷᠢ ᠵᠢᠴᠢ ᠬᠢᠷᠢ ᠲᠦᠪᠰᠢᠨ ᠤ | ᠦᠷᠭᠦᠯᠵᠢᠯᠡᠨ ᠳᠡᠭᠡᠭᠰᠢᠯᠡᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | | | | | ᠬᠤᠷᠠᠯ ᠠᠴᠠ ᠂ ᠡᠯ᠎ᠡ ᠰᠢᠶᠠᠩ ᠪᠠᠯᠭᠠᠰᠤ ᠵᠡᠭᠡᠯᠢ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠪᠠᠶᠢᠴᠠᠭᠠᠵᠤ ᠴᠡᠭᠴᠡᠯᠡᠨ | ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ ᠂ | ᠠᠶᠤᠯᠭᠦᠢ ᠦᠢᠯᠡᠳᠪᠦᠷᠢᠯᠡᠯ ᠤᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ ᠂ ᠠᠷᠠᠳ ᠲᠦᠮᠡᠨ ᠢ | ᠳᠡᠭᠡᠳᠦᠯᠡᠬᠦ ᠂ ᠠᠮᠢ ᠨᠠᠰᠤ ᠶᠢ ᠳᠡᠭᠡᠳᠦᠯᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ ᠂ ᠳᠡᠭᠡᠳᠦ | ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠰᠡᠳᠬᠢᠯᠭᠡ ᠪᠠᠷ ᠠᠮᠤᠷ ᠲᠦᠪᠰᠢᠨ ᠤ ᠠᠵᠢᠯ ᠢ ᠪᠣᠳᠠᠲᠠᠢ | ᠪᠥᠭᠡᠳ ᠨᠠᠷᠢᠯᠢᠭ ᠠᠳᠬᠤᠬᠤ ᠬᠡᠷᠡᠭᠲᠡᠢ ︔ ᠨᠠᠷᠢᠨ ᠲᠥᠯᠥᠪᠯᠡᠨ᠂ ᠨᠢᠭᠲᠠ ᠲᠣᠬᠢᠷᠠᠭᠤᠯᠵᠤ᠂ ᠠᠶᠤᠯ ᠦᠭᠡᠢ | ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠬᠤᠯᠪᠣᠭᠳᠠᠯ ᠪᠦᠬᠦᠢ | ᠱᠠᠭᠠᠷᠳᠠᠯᠭ᠎ᠠ ᠪᠠ ᠲᠤᠰᠬᠠᠢ ᠴᠡᠭᠴᠡᠯᠡᠨ ᠵᠠᠰᠠᠬᠤ ᠭᠤᠣᠯᠳᠠᠯᠭ᠎ᠠ ᠲᠠᠢ ᠡᠭᠦᠷᠭᠡ ᠲᠠᠢ ᠤᠶᠠᠯᠳᠤᠭᠤᠯᠤᠨ᠂ ᠡᠯ᠎ᠡ | ᠲᠥᠷᠥᠯ ᠤᠨ ᠬᠠᠤᠯᠢ ᠵᠥᠷᠢᠴᠡᠨ ᠥᠭᠡᠷᠡᠴᠢᠯᠡᠵᠦ ᠥᠷᠭᠡᠳᠬᠡᠨ ᠪᠠᠶᠢᠭᠤᠯᠬᠤ ᠦᠶᠯᠡ ᠠᠵᠢᠯᠯᠠᠭ᠎ᠠ ᠶᠢ ᠭᠦᠨᠵᠡᠭᠡᠢ | ᠡᠩᠨᠡᠭᠦᠯᠦᠨ ᠪᠠᠶᠢᠴᠠᠭᠠᠬᠤ ᠶᠢᠨ ᠬᠠᠮᠲᠤ ᠳᠠᠩᠰᠠ ᠪᠠᠶᠢᠭᠤᠯᠵᠤ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ᠂ ᠴᠡᠭᠴᠡᠯᠡᠨ | ᠵᠠᠰᠠᠬᠤ ᠴᠠᠭ ᠤᠨ ᠬᠢᠵᠠᠭᠠᠷ ᠢ ᠲᠣᠳᠣᠷᠬᠠᠶᠢᠯᠠᠨ᠂ ᠵᠦᠢᠯ ᠳᠠᠷᠠᠭᠠᠯᠠᠨ ᠲᠠᠩᠰᠠ ᠬᠠᠷᠭᠤᠭᠤᠯᠣᠨ ᠳ᠋ᠤᠭᠠᠷ ᠢ | ᠤᠰᠠᠳᠬᠠᠵᠤ ᠂ ᠭᠡᠮ ᠰᠤᠭᠤᠭ ᠢ ᠲᠤᠶᠢᠯᠪᠤᠷᠢᠲᠠᠢ ᠠᠷᠢᠯᠭᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠂ ᠪᠦᠬᠦ ᠲᠤᠭᠤᠷᠢᠭ ᠤᠨ ᠳᠡᠭᠡᠳᠦ ᠳᠣᠣᠷᠠᠳᠤ ᠱᠠᠲᠤ ᠪᠠᠷ ᠢᠶᠠᠨ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠠᠵᠢᠯ ᠤᠨ ︽ ᠲᠣᠭᠲᠠᠭᠤᠨ︾ ᠲᠦᠰᠦᠪ ᠤᠨ ᠪᠦᠲᠦᠭᠡᠨ ᠪᠠᠶᠢᠭᠤᠯᠤᠯᠲᠠ ᠂ ︽ ᠤᠷᠤᠭᠰᠢᠯᠠᠬᠤ ︾ | ᠠᠵᠤ ᠠᠬᠤᠢ ᠶᠢᠨ ᠠᠵᠢᠯᠯᠠᠭᠠᠨ ᠳᠤ ᠦᠵᠡᠭᠦᠯᠬᠦ ᠴᠢᠬᠤᠯᠠ ᠶᠡᠭᠡ ᠠᠴᠢ ᠬᠤᠯᠪᠣᠭᠳᠠᠯ ᠢ ᠰᠡᠷᠭᠡᠭ ᠢᠶᠠᠷ ᠲᠠᠨᠢᠵᠤ ᠂ | ᠬᠢᠵᠢᠭ ᠤᠨ ᠪᠠᠶᠢᠳᠠᠯ ᠤᠨ ᠨᠥᠯᠥᠭᠡ ᠶᠢ ᠡᠷᠡᠰ ᠲᠡᠪᠴᠢᠵᠦ ᠂ ᠲᠣᠭᠲᠠᠭᠰᠠᠨ ᠬᠠᠷᠠᠯᠲᠠ ᠶᠣᠰᠣᠭᠠᠷ ᠦᠷᠭᠦᠯᠵᠢᠯᠡᠨ | ᠭᠠᠳᠠᠭᠰᠢ ᠭᠠᠷᠴᠤ ᠣᠷᠣᠭᠤᠯᠤᠨ ᠠᠪᠴᠢᠷᠠᠵᠤ ᠂ ︽ ᠲᠣᠭᠲᠠᠭᠤᠨ ︾ ᠢ ᠪᠠᠲᠤᠯᠠᠵᠤ ︽ ᠤᠷᠤᠭᠰᠢᠯᠠᠬᠤ ︾ ᠶᠢ | ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ︔ ︽ ᠲᠤᠰᠬᠠᠢ ᠂ ᠨᠠᠷᠢᠯᠢᠭ ᠂ ᠣᠨᠴᠠ ᠂ ᠰᠢᠨ᠎ᠡ ︾ | ᠤᠷᠢᠵᠤ ᠣᠷᠤᠭᠤᠯᠬᠤ ᠴᠢᠭᠯᠡᠯ ᠢ ᠲᠣᠭᠲᠠᠭᠠᠵᠤ ᠂ ᠬᠡᠯᠬᠢᠶ᠎ᠡ ᠬᠡᠯᠪᠡᠷᠢ ᠪᠠᠷ ᠠᠷᠠᠯᠵᠢᠶᠠᠴᠢᠨ ᠤᠷᠢᠬᠤ᠂ | ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ ᠂ ᠨᠠᠶᠢᠳᠠᠯᠭ᠎ᠠ ᠪᠠᠷ ᠠᠷᠠᠯᠵᠢᠶᠠᠴᠢᠨ ᠤᠷᠢᠬᠤ ᠂ ᠰᠦᠯᠵᠢᠶᠡᠨ ᠳᠡᠭᠡᠷ᠎ᠡ | ᠠᠷᠠᠯᠵᠢᠶᠠᠴᠢᠨ ᠤᠷᠢᠬᠤ ᠶᠢ ᠰᠠᠶᠢᠲᠤᠷ ᠠᠳᠬᠤᠵᠤ ᠂ ᠪᠦᠯᠬᠦᠮ ᠤᠨ ᠲᠡᠰ ᠳᠠᠪᠬᠤᠷᠭ᠎ᠠ ᠥᠨᠳᠥᠷ ᠂ ᠠᠵᠤ | ᠦᠢᠯᠡᠰ ᠤᠨ ᠲᠡᠰ ᠳᠠᠪᠬᠤᠷᠭ᠎ᠠ ᠥᠨᠳᠥᠷ ᠂ ᠪᠡᠯᠡ ᠣᠷᠣᠭᠤᠯᠤᠯᠲᠠ ᠶᠢᠨ ᠡᠷᠴᠢᠮ ᠴᠢᠩᠭ᠎ᠠ᠂ ᠮᠦ ᠪᠦᠷᠢ ᠶᠢᠨ | ᠳᠤᠮᠳᠠᠴᠢ ᠤᠨᠠᠯᠲᠠ ᠥᠨᠳᠥᠷ ᠲᠣᠮᠣ ᠲᠦᠰᠦᠯ᠂ ᠰᠠᠶᠢᠨ ᠲᠦᠰᠦᠯ ᠢ ᠣᠷᠤᠭᠤᠯᠬᠤ ᠳᠤ ᠬᠦᠴᠦ ᠲᠠᠯᠪᠢᠬᠤ ᠬᠡᠷᠡᠭᠲᠡᠢ | ︔ ᠤᠷᠢᠵᠤ ᠣᠷᠤᠭᠤᠯᠬᠤ ᠠᠬᠢᠴᠠ ᠪᠠᠨ ᠲᠦᠷᠭᠡᠳᠬᠡᠵᠦ᠂ ︽ᠠᠯᠭᠤᠷ ᠤᠷᠤᠭᠰᠢᠯᠠᠪᠠᠯ ᠤᠬᠤᠷᠢᠨ᠎ᠠ᠂ | ᠤᠷᠤᠭᠰᠢᠯᠠᠬᠤ ᠦᠭᠡᠢ ᠪᠣᠯ ᠨᠠᠩ ᠤᠬᠤᠷᠢᠨ᠎ᠠ︾ ᠭᠡᠬᠦ ᠲᠤᠯᠭᠠᠮ᠎ᠠ ᠰᠡᠳᠬᠢᠯᠭᠡ ᠪᠠᠨ ᠨᠡᠮᠡᠭᠳᠡᠭᠦᠯᠵᠦ᠂ ᠪᠠᠶᠢᠩᠭᠤ | ᠠᠵᠢᠭᠯᠠᠬᠤ ᠵᠣᠷᠢᠭ ᠰᠠᠨᠠᠭ᠎ᠠ᠂ ᠲᠦᠷᠭᠡᠨ ᠠᠶᠢᠵᠠᠮ᠂ ᠪᠣᠳᠠᠲᠠᠢ ᠠᠷᠭ᠎ᠠ ᠬᠡᠮᠵᠢᠶ᠎ᠡ ᠪᠠᠷ ᠠᠷᠠᠯᠵᠢᠶᠠᠴᠢᠨ ᠤᠷᠢᠵᠤ | ᠪᠡᠯᠡ ᠣᠷᠣᠭᠤᠯᠬᠤ ᠠᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠬᠤᠷᠠᠯ ᠠᠴᠠ ᠂ ᠰᠤᠷᠭᠠᠨ ᠬᠥᠮᠦᠵᠢᠯ ᠤᠨ ᠦᠢᠯᠡᠰ ᠢ ᠴᠢᠩᠭᠠᠳᠬᠠᠬᠤ ᠨᠢ ᠣᠷᠣᠨ ᠨᠤᠲᠤᠭ ᠤᠨ | ᠴᠢᠳᠠᠪᠤᠷᠢᠲᠠᠨ ᠢ ᠬᠥᠮᠥᠵᠢᠭᠦᠯᠬᠦ ᠂ ᠨᠡᠶᠢᠭᠡᠮ ᠤᠨ ᠬᠥᠭᠵᠢᠯᠲᠡ ᠶᠢ ᠠᠬᠢᠭᠤᠯᠬᠤ ᠂ ᠠᠷᠠᠳ ᠲᠦᠮᠡᠨ ᠤ ᠬᠠᠨᠤᠮᠵᠢ ᠶᠢᠨ | ᠬᠡᠮᠵᠢᠶ᠎ᠡ ᠶᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠃ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠨᠢᠭᠡᠴᠢ ᠨᠦᠭᠦᠳ ᠮᠠᠨ ᠤ ᠲᠣᠭᠤᠷᠢᠭ ᠤᠨ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠰᠤᠷᠭᠠᠨ | ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ︾ ᠶᠢᠨ ᠶᠡᠷᠦᠩᠬᠡᠢ ᠰᠡᠳᠬᠢᠮᠵᠢ ᠶᠢ ᠪᠠᠲᠤ | ᠡᠵᠡᠮᠰᠢᠵᠦ᠂ ᠬᠠᠷᠠᠯᠲᠠ ᠪᠠᠨ ᠲᠣᠭᠲᠠᠭᠠᠨ ᠨᠢᠭᠡᠳᠦᠯᠲᠡᠢ ᠲᠥᠯᠥᠪᠯᠡᠨ ᠠᠬᠢᠭᠤᠯᠵᠤ᠂ ᠬᠢᠨᠠᠨ ᠵᠢᠯᠣᠭᠤᠳᠬᠤ ᠶᠢ | ᠴᠢᠩᠭᠠᠳᠬᠠᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠲᠦᠰᠦᠯ ᠤᠨ ᠪᠦᠲᠦᠭᠡᠨ ᠪᠠᠶᠢᠭᠤᠯᠤᠯᠲᠠ ᠶᠢ | ᠬᠢᠵᠠᠭᠠᠷᠯᠠᠵᠤ ᠪᠠᠶᠢᠭ᠎ᠠ ᠡᠯ᠎ᠡ ᠲᠥᠷᠥᠯ ᠤᠨ ᠬᠠᠷᠰᠢ ᠰᠠᠭᠠᠳ ᠢ ᠴᠡᠪᠡᠷᠯᠡᠵᠦ᠂ ᠡᠯ᠎ᠡ ᠵᠦᠢᠯ ᠤᠨ ᠡᠭᠦᠷᠭᠡ ᠠᠷᠭ᠎ᠠ | ᠬᠡᠮᠵᠢᠶ᠎ᠡ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠤᠨ᠂ ᠪᠥᠬᠦ ᠲᠣᠭᠤᠷᠢᠭ ᠤᠨᠰᠤᠷᠭᠠᠨ ᠬᠥᠮᠦᠵᠢᠯ ᠤᠨ | ᠦᠢᠯᠡᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠥᠷᠨᠢᠩᠭᠦᠢ ᠬᠥᠭᠵᠢᠯᠲᠡ ᠶᠢ | ᠴᠢᠷᠮᠠᠶᠢᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | | | | | ᠬᠤᠷᠠᠯ ᠠᠴᠠ ᠂ ᠪᠦᠬᠦ ᠲᠣᠭᠤᠷᠢᠭ ᠤᠨ ᠡᠯ᠎ᠡ ᠱᠠᠲᠤᠨ ᠤ ᠲᠣᠭᠤᠷᠢᠨ ᠪᠠᠶᠢᠴᠠᠭᠠᠬᠤ ᠪᠠᠶᠢᠭᠤᠯᠤᠮᠵᠢ ᠶᠢᠨ ᠬᠢᠨ | ᠤᠯᠤᠰ ᠲᠦᠷᠦ ᠶᠢᠨ ᠪᠠᠶᠢᠷᠢ ᠲᠣᠭᠲᠠᠭᠠᠯᠲᠠ ᠪᠠᠨ ᠪᠠᠲᠤ ᠰᠠᠬᠢᠵᠤ ᠂ ᠤᠯᠤᠰ ᠲᠦᠷᠦ ᠶᠢᠨ ᠬᠠᠷᠢᠭᠤᠴᠠᠯᠭ᠎ᠠ ᠪᠠᠨ | ᠪᠣᠲᠠᠲᠠᠶᠢᠵᠢᠭᠤᠯᠵᠤ᠂ ᠤᠯᠠᠨ ᠲᠦᠮᠡᠨ ᠤ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ ᠂ ᠲᠣᠭᠤᠷᠢᠨ | ᠪᠠᠶᠢᠴᠠᠭᠠᠬᠤ ᠶᠢᠨ ᠬᠠᠨᠳᠤᠯᠭᠠᠲᠤ ᠴᠢᠨᠠᠷ ᠂ ᠪᠣᠳᠠᠲᠤ ᠦᠷ᠎ᠡ ᠪᠦᠲᠦᠮᠵᠢᠲᠦ ᠴᠢᠨᠠᠷ ᠢ ᠴᠢᠩᠭᠠᠳᠬᠠᠵᠤ ᠂ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠦᠷᠦ ᠶᠢᠨ | ᠮᠠᠭᠠᠳᠯᠠᠬᠤ ᠴᠢᠳᠠᠪᠤᠷᠢ ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ ᠂ ᠤᠯᠤᠰ ᠲᠦᠷᠦ ᠶᠢᠨ ᠬᠡᠷᠡᠭᠵᠢᠭᠦᠯᠬᠦ | ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠱᠠᠯᠠᠪᠳᠠᠭᠤᠯᠵᠤ ᠂ ᠪᠣᠳᠠᠲᠠᠢ ᠠᠵᠢᠯᠯᠠᠬᠤ ᠪᠠᠷ ᠪᠣᠳᠠᠲᠤ | ᠦᠷ᠎ᠡ ᠪᠦᠲᠦᠮᠵᠢ ᠶᠢ ᠡᠷᠬᠢᠮᠯᠡᠬᠦ ᠂ ᠪᠣᠳᠠᠲᠠᠢ ᠠᠵᠢᠯᠯᠠᠬᠤ ᠪᠠᠷ ᠠᠮᠵᠢᠯᠲᠠ ᠪᠦᠲᠦᠮᠵᠢ ᠡᠭᠦᠳᠬᠦ ᠢᠯᠡ ᠲᠣᠳᠤᠷᠬᠠᠢ | ᠤᠳᠤᠷᠢᠳᠤᠮᠵᠢ ᠶᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ ᠃ ᠲᠣᠭᠤᠷᠢᠭ ᠤᠨ ᠨᠠᠮ ᠤᠨ ᠬᠤᠷᠢᠶᠠᠨ ᠤ ᠲᠣᠭᠤᠷᠢᠨ | ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠢᠨ ᠨᠢᠭᠡᠳᠦᠯᠲᠡᠢ ᠲᠥᠯᠥᠪᠵᠢᠭᠦᠯᠬᠦ ᠪᠠᠨ | ᠴᠢᠩᠭᠠᠳᠬᠠᠵᠤ ᠂ ᠶᠠᠪᠤᠴᠠ ᠶᠢ ᠨᠠᠷᠢᠯᠢᠭᠵᠢᠭᠤᠯᠵᠤ ᠂ ᠠᠵᠢᠯ ᠢᠶᠠᠨ ᠵᠢᠷᠤᠮᠵᠢᠭᠤᠯᠵᠤ ᠂ ︽ ᠭᠤᠷᠪᠠᠨ ᠲᠥᠪᠯᠡᠷᠡᠭᠦᠯᠬᠦ ︾ | ᠤᠯᠤᠰ ᠲᠦᠷᠦ ᠶᠢᠨ ᠱᠠᠭᠠᠷᠳᠠᠯᠭ᠎ᠠ ᠶᠢᠨ ᠲᠣᠭᠤᠷᠢᠨ ᠳᠤ ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠪᠣᠯᠣᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠴᠢᠷᠮᠠᠶᠢᠨ ᠠᠵᠢᠭᠯᠠᠬᠤ ᠶᠢ | ᠠᠬᠢᠭᠤᠯᠵᠤ ᠂ ᠪᠠᠲᠤ ᠴᠢᠩᠭ᠎ᠠ ᠲᠠᠶᠢᠴᠢᠨ ᠪᠠᠬᠢᠯᠡᠯᠲᠡ ᠶᠢ ᠪᠠᠶᠢᠭᠤᠯᠤᠨ᠂ ᠦᠵᠦᠭᠦᠷ ᠲᠤ ᠭᠠᠷᠬᠤ ᠵᠣᠷᠢᠭ | ᠰᠠᠨᠠᠭ᠎ᠠ ᠪᠠᠷ ᠨᠡᠩ ᠥᠨᠳᠥᠷ ᠬᠠᠷᠠᠯᠲᠠ ᠂ ᠨᠡᠩ ᠰᠠᠶᠢᠨ ᠠᠮᠵᠢᠯᠲᠠ ᠪᠦᠲᠦᠮᠵᠢ ᠲᠡᠶᠢᠰᠢ ᠤᠷᠤᠭᠰᠢᠯᠠᠬᠤ ᠬᠡᠷᠡᠭᠲᠡᠢ | ᠭᠡᠵᠦ ᠱᠠᠭᠠᠷᠳᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃ | | |