ᠮᠠᠰᠢᠨ ᠲᠡᠷᠭᠡᠨ ᠳᠤ ᠰᠠᠭᠤᠭᠰᠠᠳ ᠤᠨ ᠰᠠᠨᠠᠭᠠᠨ ᠳᠤ ᠥᠭᠡᠢ ᠠᠳᠡᠯ ᠠᠴᠠ ᠬᠡᠷᠬᠢᠨ ᠵᠠᠶᠢᠯᠠᠬᠤ ᠪᠤᠢ
ᠨᠡᠶᠢᠲᠡᠯᠡᠭᠰᠡᠨ ᠴᠠᠭ᠄
2022/5/25
    ᠮᠠᠰᠢᠨ ᠲᠡᠷᠭᠡᠨ ᠳᠤ ᠰᠠᠭᠤᠭᠰᠠᠳ ᠤᠨ ᠰᠠᠨᠠᠭᠠᠨ ᠳᠤ ᠥᠭᠡᠢ ᠡ᠊ᠨᠳᠡᠯ ᠨᠢ ᠪᠥᠭᠡᠮ ᠢᠶᠠᠷ ᠥᠬᠦᠵᠤ ᠪᠥᠭᠡᠮ ᠢᠶᠠᠷ ᠰᠢᠷᠬᠠᠳᠤᠬᠤ ᠬᠥᠨᠳᠤ ᠨᠤᠴᠢᠳᠠᠢ ᠥᠷ᠎ᠡ ᠳ᠋ᠦᠩ ᠢ ᠪᠤᠢ ᠪᠤᠯᠭᠠᠳᠠᠭ᠃      ᠪᠠᠴᠢᠮ ᠪᠠᠶᠢᠳᠠᠯ ᠢ ᠠᠷᠭᠠᠴᠠᠭᠠᠬᠤ ᠭᠤᠤᠯᠳᠠᠯᠭ᠎ᠠ     ● ᠠᠶᠠᠨᠴᠢᠳ ᠮᠠᠰᠢᠨ ᠲᠡᠷᠭᠡᠨ ᠲᠤᠳᠤᠷ᠎ᠠ ᠭᠤᠮ ᠪᠤᠳᠠᠰ ᠰᠢᠳᠠᠵᠤ ᠪᠠᠶᠢᠭ᠎ᠠ ᠥᠨᠥᠷ ᠢ ᠥᠨᠥᠷᠳᠡᠬᠦ ᠪᠤᠶᠤ ᠶᠡᠷᠥ ᠪᠤᠰᠤ ᠶᠢᠨ ᠤᠳᠤᠭ᠎ᠠ ᠭᠠᠷᠴᠤ ᠪᠠᠶᠢᠬᠤ ᠶᠢ ᠤᠯᠵᠤ ᠬᠠᠷᠠᠪᠠᠯ᠂ ᠵᠢᠯᠤᠭᠤᠴᠢ ᠳᠠᠭᠠᠨ ᠲᠡᠷᠦ᠋ᠢᠬᠠᠨ ᠮᠡᠳᠡᠭᠳᠡᠬᠦ ᠭᠡᠷᠡᠭᠳᠡᠢ᠃ ᠵᠢᠯᠤᠭᠤᠴᠢ ᠪᠠ ᠪᠢᠯᠧᠲ ᠬᠤᠳᠠᠯᠳᠤᠭᠴᠢ ᠨᠢ ᠲᠡᠷᠭᠡ ᠪᠠᠨ ᠵᠤᠭᠰᠤᠭᠠᠵᠤ ᠪᠠᠶᠢᠴᠠᠭᠠᠨ ᠥᠵᠡᠵᠤ᠂ ᠠᠶᠠᠨᠴᠢᠳ ᠢ ᠠᠮᠤᠷ ᠲᠥᠪᠰᠢᠨ ᠭᠠᠵᠠᠷ ᠲᠤ ᠲᠠᠷᠬᠠᠨ ᠰᠢᠯᠵᠢᠬᠦᠯᠵᠤ᠂ ᠡᠮᠬᠢ ᠲᠢᠭᠯᠢᠮ ᠲᠠᠢ ᠵᠠᠶᠢᠯᠠᠭᠤᠯᠬᠤ ᠶᠢᠨ ᠲᠠᠭᠠᠤ ᠨᠠᠰᠤᠳᠠᠳ᠂ ᠡᠮᠡᠭᠳᠡᠶᠢᠴᠤᠳ ᠪᠤᠯᠤᠨ ᠭᠡᠥᠭᠡᠳ ᠢ ᠬᠠᠯᠠᠮᠵᠢᠯᠠᠨ ᠬᠠᠮᠠᠭᠠᠯᠠᠬᠤ ᠬᠠᠷᠢᠭᠤᠴᠠᠯᠭ᠎ᠠ ᠲᠠᠢ᠃      ● ᠵᠢᠯᠤᠭᠤᠴᠢ ᠪᠠ ᠪᠢᠯᠧᠲ ᠬᠤᠳᠠᠯᠳᠤᠬᠴᠢ ᠨᠢ ᠬᠤᠶᠢᠨ᠎ᠠ ᠠᠴᠠ ᠲᠡᠷᠭᠡ ᠢᠷᠡᠬᠦ ᠵᠥᠭ ᠲᠤ 50 ~ 100 ᠮᠧᠳ᠋ᠷ ᠤᠨ ᠭᠠᠵᠠᠷ ᠲᠤ ᠲᠤᠰᠬᠠᠢ ᠬᠡᠷᠡᠭᠯᠡᠭᠡᠨ ᠤ ᠰᠡᠷᠡᠮᠵᠢ ᠶᠢᠨ ᠲᠡᠮᠳᠡᠭ ᠲᠠᠯᠪᠢᠬᠤ ᠭᠡᠷᠡᠭᠳᠡᠢ᠃      ● ᠵᠢᠯᠤᠭᠤᠴᠢ ᠪᠠ ᠪᠢᠯᠧᠲ ᠬᠤᠳᠠᠯᠳᠤᠭᠴᠢ ᠠᠶᠠᠨᠴᠢᠳ ᠠᠴᠠ ᠮᠥᠡᠭᠬᠦ ᠬᠤᠷᠢᠶᠠᠬᠤ ᠥᠭᠡᠢ ᠪᠠᠷ ᠠᠳᠠᠯᠢ ᠱᠤᠭᠤᠮ᠂ ᠠᠳᠠᠯᠢ ᠵᠥᠭ ᠤᠨ ᠲᠡᠷᠭᠡᠨ ᠳᠤ ᠰᠤᠯᠢᠵᠤ ᠰᠠᠭᠤᠯᠭᠠᠬᠤ ᠪᠤᠶᠤ ᠠᠰᠳᠠᠭᠠᠨ ᠲᠡᠷᠭᠡ ᠲᠤᠬᠢᠷᠠᠭᠤᠯᠤᠨ ᠰᠠᠭᠤᠯᠭᠠᠨ᠎ᠠ᠃    ● ᠤᠯᠠᠨ ᠨᠡᠶᠢᠳᠡ ᠶᠢᠨ ᠮᠠᠰᠢᠨ ᠲᠡᠷᠭᠡᠨ ᠳᠤ ᠰᠠᠭᠤᠭᠠᠳ ᠭᠠᠯ ᠤᠨ ᠠᠶᠤᠯ ᠲᠤᠬᠢᠶᠠᠯᠳᠤᠪᠠᠯ᠂ ᠠᠶᠠᠨᠴᠢᠳ ᠲᠡᠷᠦ᠋ᠢᠬᠠᠨ ᠭᠠᠯ ᠭᠠᠷᠤᠭᠰᠠᠨ ᠲᠡᠷᠭᠡ ᠠᠴᠠ ᠵᠠᠶᠢᠯᠠᠵᠤ ᠲᠠᠷᠬᠠᠬᠤ ᠭᠡᠷᠡᠭᠳᠡᠢ᠂ ᠪᠥᠭᠡᠮᠨᠡᠷᠡᠯᠳᠥᠨ ᠥᠵᠡᠵᠤ ᠰᠤᠨᠢᠷᠬᠠᠵᠤ ᠪᠤᠯᠬᠤ ᠥᠭᠡᠢ᠃    ● ᠤᠯᠠᠨ ᠨᠡᠶᠢᠳᠡ ᠶᠢᠨ ᠮᠠᠰᠢᠨ ᠲᠡᠷᠭᠡ ᠠᠶᠠᠯᠠᠵᠤ ᠪᠠᠶᠢᠭ᠎ᠠ ᠶᠠᠪᠤᠴᠠ ᠳᠤ ᠠᠶᠠᠨᠴᠢᠳ ᠭᠡᠷᠪᠡ ᠰᠡᠵᠢᠭᠳᠡᠢ ᠪᠤᠳᠠᠰ ᠢ ᠤᠯᠵᠤ ᠬᠠᠷᠠᠪᠠᠯ᠂ ᠲᠡᠷᠡ ᠲᠤᠤᠷ᠎ᠠ ᠪᠠᠨ ᠵᠢᠯᠤᠭᠤᠴᠢ ᠪᠠ ᠪᠢᠯᠧᠲ ᠬᠤᠳᠠᠯᠳᠤᠭᠴᠢ ᠳᠤ ᠮᠡᠳᠡᠭᠳᠡᠬᠦ ᠶᠢᠨ ᠲᠠᠭᠠᠤ ᠠᠮᠤᠷ ᠲᠥᠪᠰᠢᠨ ᠪᠠᠶᠢᠷᠢᠨ ᠳᠤ ᠰᠢᠯᠵᠢᠬᠦ ᠭᠡᠷᠡᠭᠳᠡᠢ᠂ ᠲᠤᠷ᠎ᠠ ᠪᠠᠷ ᠢᠶᠠᠨ ᠰᠢᠢᠳᠪᠥᠷᠢᠯᠡᠵᠤ ᠤᠭᠳᠤ ᠪᠤᠯᠬᠤ ᠥᠭᠡᠢ᠃      ● ᠥᠬᠦᠯ ᠰᠢᠷᠬᠠᠳᠤᠯ ᠭᠠᠷᠪᠠᠯ ᠲᠡᠷᠦ᠋ᠢᠬᠠᠨ ᠲᠥᠷᠭᠡᠨ ᠠᠪᠤᠷᠠᠯᠳᠠ ᠶᠢᠨ ᠤᠳᠠᠰᠤ ᠶᠢ ᠤᠳᠠᠰᠤᠳᠠᠭᠠᠷᠠᠢ᠃       ᠲᠤᠰᠬᠠᠢ ᠮᠡᠷᠭᠡᠵᠢᠯᠳᠡᠨ ᠤ ᠰᠠᠨᠠᠭᠤᠯᠤᠮᠵᠢ      ◇ ᠮᠠᠰᠢᠨ ᠲᠡᠷᠭᠡᠨ ᠳᠤ ᠰᠠᠭᠤᠭᠰᠠᠳ ᠤᠨ ᠰᠠᠨᠠᠭᠠᠨ ᠳᠤ ᠥᠭᠡᠢ ᠡ᠊ᠨᠳᠡᠯ ᠡᠬᠦᠰᠪᠡᠯ᠂ ᠠᠶᠤᠨ ᠰᠤᠴᠢᠵᠤ᠂ ᠰᠢᠬᠠᠯᠳᠤᠨ ᠴᠢᠬᠢᠯᠳᠥᠵᠤ ᠪᠤᠯᠬᠤ ᠥᠭᠡᠢ᠃ ᠲᠡᠷᠦ᠋ᠢᠬᠠᠨ ᠴᠠᠭᠳᠠᠭ᠎ᠠ ᠳᠤ ᠮᠡᠳᠡᠬᠦᠯᠬᠦ ᠶᠢᠨ ᠲᠠᠭᠠᠤ ᠵᠢᠯᠤᠭᠤᠴᠢ ᠪᠢᠯᠧᠲ ᠬᠤᠳᠠᠯᠳᠤᠭᠴᠢ ᠶᠢᠨ ᠵᠢᠯᠤᠭᠤᠳᠤᠯᠭ᠎ᠠ ᠶᠢ ᠲᠠᠭᠠᠵᠤ᠂ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ ᠠᠵᠢᠯᠯᠠᠭ᠎ᠠ ᠶᠢ ᠢᠳᠡᠪᠬᠢᠳᠡᠢ ᠦᠷᠨᠢᠭᠦᠯᠦᠨ᠎ᠡ᠃       ◇ ᠠᠶᠠᠯᠠᠵᠤ ᠪᠠᠶᠢᠭ᠎ᠠ ᠮᠠᠰᠢᠨ ᠲᠡᠷᠭᠡᠨ ᠤ ᠲᠤᠳᠤᠷ᠎ᠠ ᠭᠡᠥᠭᠡᠳ ᠢ ᠬᠥᠶᠥᠵᠤ ᠲᠤᠭᠯᠠᠭᠤᠯᠬᠤ ᠪᠠ ᠨᠠᠭᠠᠳᠤᠭᠤᠯᠵᠤ ᠪᠤᠯᠬᠤ ᠥᠭᠡᠢ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1