ᠶᠤᠸᠠᠨ ᠪᠦᠦ ᠱᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠣᠳᠣᠬᠠᠨ ᠤ ᠭᠤᠣᠯᠳᠠᠯᠭ᠎ᠠ ᠲᠠᠢ ᠠᠵᠢᠯ ᠳᠤ ᠳᠠᠬᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ
ᠨᠡᠶᠢᠲᠡᠯᠡᠭᠰᠡᠨ ᠴᠠᠭ᠄
2022/5/27
       5 ᠰᠠᠷ᠎ᠠ ᠶᠢᠨ 23᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ 2022 ᠣᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠭᠦᠨ᠂ ᠵᠥᠪᠯᠡᠯ ᠤᠨ ᠪᠠᠶᠢᠭᠤᠯᠭ᠎ᠠ ᠶᠢᠨ ᠡᠯ᠎ᠡ ᠲᠠᠰᠤᠭ᠂ ᠲᠣᠭᠤᠷᠢᠭ ᠤᠨ ᠰᠢᠭᠤᠳ ᠬᠠᠷᠢᠶ᠎ᠠ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ᠂ ᠡᠯ᠎ᠡ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠠᠷᠠᠳ ᠠᠴᠠ ᠡᠷᠬᠢᠯᠡᠭᠰᠡᠨ ᠦᠢᠯᠡᠳᠪᠦᠷᠢ ᠠᠭᠤᠷᠬᠠᠢ ᠶᠢᠨ ᠡᠮᠨᠡᠯᠭᠡ ᠶᠢᠨ ᠬᠤᠷᠢᠶ᠎ᠠ ᠶᠢᠨ ᠬᠠᠷᠢᠭᠤᠴᠠᠯᠭᠠᠲᠠᠨ ᠬᠤᠷᠠᠯ ᠳᠤ ᠣᠷᠤᠯᠴᠠᠪᠠ᠃
1_副本.jpg
        ᠬᠤᠷᠠᠯ ᠳᠡᠭᠡᠷ᠎ᠡ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠯ᠎ᠡ ᠬᠠᠮᠢᠶ᠎ᠠ ᠪᠦᠬᠦᠢ ᠬᠠᠷᠢᠭᠤᠴᠠᠯᠭᠠᠲᠠᠨ ᠲᠣᠰ ᠲᠣᠰ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠨᠠᠮ ᠤᠨ ᠪᠠᠶᠢᠭᠤᠯᠤᠯᠲᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ᠂ ᠪᠣᠯᠪᠠᠰᠤᠨ ᠬᠤᠲᠠ ᠶᠢ ᠴᠣᠭᠴᠠᠯᠠᠨ ᠪᠠᠶᠢᠭᠤᠯᠬᠤ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ᠂ ᠠᠵᠢᠯ ᠤᠨ ᠰᠠᠬᠢᠯᠭ᠎ᠠ ᠪᠠᠲᠤ᠂ ᠵᠠᠬᠢᠳᠠᠯ ᠰᠣᠷᠪᠤᠯᠵᠢᠯᠠᠭ᠎ᠠ ᠶᠢ ᠲᠣᠭᠲᠠᠭᠤᠨ ᠪᠠᠶᠢᠯᠭᠠᠬᠤ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠤᠬᠠᠢ ᠳᠠᠬᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃    ᠬᠤᠷᠠᠯ ᠠᠴᠠ᠂ ᠣᠳᠣᠬᠠᠨ ᠤ ᠬᠢᠵᠢᠭ ᠤᠨ ᠪᠠᠢᠳᠠᠯ ᠢ ᠰᠡᠷᠭᠡᠶᠢᠯᠡᠨ ᠡᠵᠡᠮᠳᠡᠬᠦ ᠠᠵᠢᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠵᠤ᠂ ᠭᠠᠳᠠᠨ᠎ᠠ ᠠᠴᠠ ᠬᠠᠯᠳᠠᠪᠤᠷᠢᠯᠠᠨ ᠣᠷᠤᠵᠤ ᠢᠷᠡᠬᠦ ᠶᠢ ᠰᠡᠷᠭᠡᠶᠢᠯᠡᠬᠦ ᠳᠠᠷᠤᠯᠲᠠ ᠦᠷᠭᠦᠯᠵᠢᠯᠡᠨ ᠨᠡᠮᠡᠭᠳᠡᠵᠦ ᠪᠤᠢ︔ ᠪᠦᠬᠦ ᠤᠯᠤᠰ ᠤᠨ ᠪᠣᠯᠪᠠᠰᠤᠨ ᠬᠤᠳᠠ ᠶᠢ ᠬᠢᠨᠠᠨ ᠦᠨᠡᠯᠡᠬᠦ ᠠᠵᠢᠯ ᠤᠳᠠᠯ ᠦᠭᠡᠢ ᠪᠣᠯᠬᠤ ᠭᠡᠵᠦ ᠪᠤᠢ᠂ ᠡᠯ᠎ᠡ ᠵᠦᠢᠯ ᠤᠨ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠠᠵᠢᠯ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠵᠠᠩᠭᠢᠯᠠᠭ᠎ᠠ ᠶᠢᠨ ᠱᠠᠲᠤᠨ ᠳᠤ ᠣᠷᠣᠰᠢᠵᠤ᠂ ᠴᠠᠭ ᠪᠠᠴᠢᠮ᠂ ᠡᠭᠦᠷᠭᠡ ᠬᠦᠨᠳᠦ᠂ ᠤᠴᠢᠷ ᠤᠯᠠᠨ᠂ ᠳᠠᠷᠤᠯᠲᠠ ᠶᠡᠭᠡ ᠪᠠᠶᠢᠨ᠎ᠠ᠃ ᠪᠦᠬᠦ ᠰᠢᠰᠲ᠋ᠧᠮ ᠢᠶᠠᠷ ᠢᠶᠠᠨ ᠴᠠᠭ ᠮᠦᠴᠡ ᠲᠠᠢ ᠤᠷᠣᠯᠳᠤᠬᠤ ᠵᠣᠷᠢᠭ ᠰᠠᠨᠠᠭ᠎ᠠ ᠪᠠᠷ ᠬᠥᠭᠵᠢᠯᠲᠡ ᠶᠢᠨ ᠬᠠᠮᠲᠤ ᠶᠢᠨ ᠲᠠᠨᠢᠯᠲᠠ ᠪᠣᠯᠣᠨ ᠬᠦᠴᠦᠨ ᠴᠢᠳᠠᠯ ᠢᠶᠠᠨ ᠨᠢᠭᠲᠠᠷᠠᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠰᠢᠨ᠎ᠡ ᠳᠦᠷᠬᠦ ᠶᠢ ᠡᠭᠦᠳᠬᠦ ᠳᠤᠮᠳᠠ ᠲᠠᠬᠢᠨ ᠰᠢᠨ᠎ᠡ ᠠᠷᠭ᠎ᠠ ᠬᠡᠮᠵᠢᠶ᠎ᠡ ᠠᠪᠴᠤ᠂ ᠲᠠᠬᠢᠨ ᠰᠠᠶᠢᠨ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
2_副本.jpg
        ᠬᠤᠷᠠᠯ ᠠᠴᠠ᠂ ᠪᠦᠬᠦ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠭᠤᠣᠯ ᠱᠤᠭᠤᠮ ᠢᠶᠠᠨ ᠲᠣᠳᠤᠷᠠᠭᠤᠯᠵᠤ᠂ ᠭᠤᠣᠯᠳᠠᠯᠭ᠎ᠠ ᠶᠢ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠶᠢᠨ ᠬᠥᠭᠵᠢᠯᠲᠡ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ︽ᠬᠢᠵᠢᠭ ᠤᠨ ᠪᠠᠶᠢᠳᠠᠯ ᠢ ᠰᠡᠷᠭᠡᠶᠢᠯᠡᠵᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ︾ ᠬᠠᠷᠠᠯᠲᠠ ᠶᠢ ᠪᠠᠷᠢᠮᠲᠠᠯᠠᠨ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠰᠠᠬᠢᠵᠤ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠂ ᠠᠮᠤᠷ ᠲᠦᠪᠰᠢᠨ ᠤ ᠬᠡᠮ ᠰᠣᠭᠤᠭ ᠤᠨ ᠪᠠᠶᠢᠴᠠᠭᠠᠯᠲᠠ ᠶᠢ ᠯᠠᠪᠳᠠᠭᠤᠨ ᠭᠦᠨᠵᠡᠭᠡᠢ ᠥᠷᠨᠢᠭᠦᠯᠬᠦ ᠬᠡᠷᠡᠭᠲᠡᠢ︔ ᠠᠵᠢᠯ ᠤᠨ ᠳᠤᠮᠳᠠ ᠪᠠᠨ ᠤᠯᠠᠮᠵᠢᠯᠠᠬᠤ ᠪᠠ ᠰᠢᠨ᠎ᠡ ᠶᠢ ᠡᠭᠦᠳᠬᠦ ᠶᠢ ᠴᠢᠬᠤᠯᠠᠴᠢᠯᠠᠵᠤ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠢ︔ ᠵᠣᠷᠢᠭ ᠰᠠᠨᠠᠭ᠎ᠠ ᠪᠠᠨ ᠬᠦᠪᠴᠢᠯᠡᠨ᠂ ᠬᠠᠮᠲᠤᠷᠠᠯ ᠤᠨ ᠬᠦᠴᠦᠨ ᠢᠶᠠᠨ ᠨᠢᠭᠲᠠᠷᠠᠭᠤᠯᠵᠤ᠂ ᠪᠥᠬᠦ ᠰᠢᠰᠲ᠋ᠧᠮ ᠤᠨ ᠠᠮᠤᠷ ᠲᠣᠭᠲᠠᠭᠤᠨ ᠢ ᠪᠠᠲᠤᠯᠠᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ 2022 ᠣᠨ ᠤ ᠬᠠᠷᠠᠯᠲᠠᠲᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠥᠬᠦ ᠲᠣᠭᠤᠷᠢᠭ ᠤᠨ ᠠᠷᠠᠳ ᠲᠦᠮᠡᠨ ᠳᠤ ᠨᠢᠭᠡ ᠬᠤᠪᠢ ᠬᠢᠷᠢ ᠲᠡᠩᠴᠡᠭᠰᠡᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠬᠠᠷᠢᠭᠤ ᠬᠠᠭᠤᠳᠠᠰᠤ ᠲᠤᠰᠢᠶᠠᠬᠤ ᠬᠡᠷᠡᠭᠲᠡᠢ ᠭᠡᠵᠦ ᠱᠠᠭᠠᠷᠳᠠᠵᠠᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1