︽ᠶᠤᠸᠠᠨ ᠪᠦᠦ ᠱᠠᠨ ᠲᠣᠭᠤᠷᠢᠭ ᠤᠨ 2022 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ︾᠎ ᠶᠢ ᠳᠠᠷᠤᠮᠠᠯᠯᠠᠨ ᠶᠠᠪᠤᠭᠤᠯᠬᠤ ᠲᠤᠬᠠᠢ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/5/27
ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ      ᠶᠤᠸᠠᠨ ᠪᠣᠥ ᠱᠠᠨ ᠵᠠᠰᠠᠭ ᠠᠯᠪᠠᠨ ᠦᠰᠦᠭ ﹇2022﹈ 51 ᠳ᠋ᠣᠭᠡᠷ ᠲᠣᠭᠠᠲᠤ ︽ᠶᠤᠸᠠᠨ ᠪᠦᠦ ᠱᠠᠨ ᠲᠣᠭᠤᠷᠢᠭ ᠤᠨ 2022 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ︾᠎ ᠶᠢ ᠳᠠᠷᠤᠮᠠᠯᠯᠠᠨ ᠶᠠᠪᠤᠭᠤᠯᠬᠤ ᠲᠤᠬᠠᠢ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠵᠥᠪᠯᠡᠯ ᠠᠯᠪᠠᠨ ᠭᠡᠷ ᠲᠣᠪᠴᠢᠶ᠎ᠠ᠂ ᠲᠣᠭᠤᠷᠢᠭ ᠲᠤ ᠰᠠᠭᠤᠭ᠎ᠠ ᠬᠠᠮᠢᠶ᠎ᠠ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄    ︽ᠶᠤᠸᠠᠨ ᠪᠦᠦ ᠱᠠᠨ ᠲᠣᠭᠤᠷᠢᠭ ᠤᠨ 2022 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ︾᠎ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃                            2022 ᠣᠨ ᠤ 5 ᠰᠠᠷ᠎ᠠ ᠶᠢᠨ 24        ᠶᠤᠸᠠᠨ ᠪᠦᠦ ᠱᠠᠨ ᠲᠣᠭᠤᠷᠢᠭ ᠤᠨ 2022 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ    ᠰᠢ ᠶᠢᠨ ᠫᠢᠩ ᠤᠨ ᠬᠠᠥᠯᠢ ᠪᠠᠷ ᠵᠠᠰᠠᠬᠤ ᠦᠵᠡᠯ ᠰᠠᠨᠠᠭ᠎ᠠ  ᠶᠢ ᠪᠦᠬᠦ ᠲᠠᠯ᠎ᠠ  ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠢ ᠠᠬᠢᠭᠤᠯᠵᠤ᠂ ᠡᠭᠦᠷᠭᠡ ᠴᠢᠳᠠᠪᠤᠷᠢ ᠨᠢ ᠰᠢᠨᠵᠢᠯᠡᠬᠦ ᠤᠬᠠᠭᠠᠨᠴᠢ᠂ ᠡᠷᠬᠡ ᠬᠠᠷᠢᠭᠤᠴᠠᠯᠭ᠎ᠠ ᠨᠢ ᠬᠠᠤᠯᠢ ᠪᠠᠷ ᠲᠣᠭᠲᠠᠭᠠᠭᠰᠠᠨ᠂ ᠬᠠᠤᠯᠢ ᠬᠡᠷᠡᠭᠵᠢᠭᠦᠯᠬᠦ ᠨᠢ ᠴᠢᠩᠭ᠎ᠠ ᠲᠣᠳᠣᠷᠬᠠᠢ᠂ ᠢᠯᠡ ᠲᠣᠳᠣ ᠲᠥᠪ ᠭᠤᠥᠯᠴᠢ᠂ ᠣᠶᠤᠨᠴᠢ ᠥᠨᠳᠥᠷ ᠦᠷ᠎ᠡ ᠪᠦᠲᠦᠮᠵᠢᠲᠡᠶ᠂ ᠠᠷᠢᠭᠤᠨ ᠴᠢᠬᠡᠴᠢ ᠦᠨᠡᠨᠴᠢ ᠢᠲᠡᠭᠡᠮᠵᠢᠲᠡᠢ᠂ ᠠᠷᠠᠳ ᠲᠦᠮᠡᠨ ᠳᠤ ᠲᠠᠭᠠᠰᠢᠶᠠᠭᠳᠠᠭᠰᠠᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠥᠬᠦ ᠲᠠᠯ᠎ᠠ ᠪᠠᠷ ᠪᠠᠶᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 ︱ 2025 ᠣᠨ︶︾᠎ ᠶᠢᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ 2022 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ ᠶᠢ ᠦᠨᠳᠦᠰᠦᠯᠡᠨ᠂ ᠶᠤᠸᠠᠨ ᠪᠦᠦ ᠱᠠᠨ ᠲᠣᠭᠤᠷᠢᠭ ᠤᠨ ᠪᠣᠳᠠᠲᠠᠢ ᠲᠠᠢ ᠤᠶᠠᠯᠳᠤᠭᠤᠯᠵᠤ᠂ ᠲᠣᠰ ᠲᠥᠯᠥᠪᠯᠡᠭᠡ ᠶᠢ ᠲᠣᠭᠲᠠᠭᠠᠪᠠ᠃    ᠨᠢᠭᠡ ᠂ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢᠨ ᠰᠢᠰᠲ᠋ᠧᠮᠵᠢ ᠶᠢ ᠲᠡᠭᠦᠯᠳᠡᠷᠵᠢᠭᠦᠯᠥᠨ᠎ᠡ    ︵ᠨᠢᠭᠡ︶ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠤᠨ᠎ᠠ    1. ᠵᠠᠰᠠᠭ ᠤᠨ ᠣᠷᠳᠣᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠳᠡᠯᠦᠩᠭᠦᠢ ᠲᠣᠬᠢᠷᠠᠭᠤᠯᠤᠯᠲᠠ ᠶᠢ ᠬᠡᠷᠡᠭᠵᠢᠭᠦᠯᠦᠨ᠎ᠡ᠃ ᠬᠠᠤᠯᠢ ᠴᠠᠭᠠᠵᠠ ᠡᠷᠬᠡ ᠣᠯᠭᠤᠭᠰᠠᠨ ᠦᠭᠡᠢ ᠪᠣᠯ ᠬᠢᠵᠦ ᠥᠯᠥ ᠪᠣᠯᠬᠤ ᠵᠠᠷᠴᠢᠮ ᠶᠣᠰᠣᠭᠠᠷ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠪᠠᠷᠢᠮᠵᠢᠶ᠎ᠠ ᠪᠠ ᠱᠠᠭᠠᠷᠳᠠᠯᠭ᠎ᠠ ᠲᠠᠢ ᠬᠠᠷᠢᠴᠠᠭᠤᠯᠤᠨ᠂  ᠲᠣᠭᠤᠷᠢᠭ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠶᠢᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠵᠤ ᠨᠡᠶᠢᠲᠡᠯᠡᠨ᠎ᠡ᠃ ᠤᠯᠤᠰ ᠤᠨ ᠨᠢᠭᠡᠳᠦᠯᠲᠡᠢ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢ ᠴᠢᠩᠭ᠎ᠠ ᠬᠡᠷᠡᠭᠵᠢᠭᠦᠯᠵᠦ ᠂ ︽ ᠴᠠᠭᠠᠵᠠᠯᠠᠬᠤ ᠦᠭᠡᠢ ᠪᠣᠯ ᠣᠷᠣᠬᠤ ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ ᠃    2. ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠲᠠᠰ ᠲᠥᠷᠥᠯ ᠬᠤᠪᠢᠶᠠᠨ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢᠨ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠤᠯᠤᠰ ᠤᠨ ︽ ᠦᠨᠡᠮᠯᠡᠯ ᠪᠠ ᠭᠡᠷᠡᠴᠢ ᠶᠢ ᠰᠠᠯᠭᠠᠬᠤ ︾ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ᠎ᠠ ᠃ ᠪᠡᠯᠡ ᠣᠷᠣᠭᠤᠯᠤᠯᠲᠠ ᠶᠢᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠪᠡᠯᠡ ᠣᠷᠣᠭᠤᠯᠤᠯᠲᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠶᠠᠪᠤᠴᠠ ᠶᠢ ᠰᠢᠯᠢᠳᠡᠭᠵᠢᠭᠦᠯᠦᠨ ᠴᠣᠮᠬᠠᠳᠬᠠᠨ᠎ᠠ᠃    3. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠴᠤᠪᠤᠷᠠᠯ ᠢ ᠬᠦᠴᠦᠯᠡᠨ ᠰᠢᠯᠢᠳᠡᠭᠵᠢᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠳᠠᠬᠢᠨ ᠡᠮᠬᠢᠯᠡᠨ ᠳᠢᠭᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠴᠢᠬᠤᠯᠠ ᠨᠥᠬᠦᠴᠡᠯ᠂ ᠴᠤᠪᠤᠷᠠᠯ᠂ ᠴᠠᠭ ᠤᠨ ᠬᠢᠵᠠᠭᠠᠷ ᠢ ᠪᠥᠬᠦ ᠲᠠᠯ᠎ᠠ ᠪᠠᠷ ᠰᠢᠯᠢᠳᠡᠭᠵᠢᠭᠦᠯᠦᠨ᠂ ᠥᠪᠡᠷᠲᠡᠭᠡᠨ ᠵᠠᠰᠠᠬᠤ ᠣᠷᠣᠨ ᠤ ︽ᠬᠢᠨᠠᠨ ᠵᠥᠪᠰᠢᠶᠡᠷᠡᠬᠦ ᠮᠠᠲ᠋ᠧᠷᠢᠶᠠᠯ ᠢᠶᠠᠷ ᠬᠠᠮᠤᠭ ᠤᠨ ᠲᠥᠬᠦᠮ᠂ ᠬᠢᠨᠠᠨ ᠵᠥᠪᠰᠢᠶᠡᠷᠡᠬᠦ ᠴᠤᠪᠤᠷᠠᠯ ᠢᠶᠠᠷ ᠬᠠᠮᠤᠭ ᠤᠨ ᠰᠢᠯᠢᠳᠡᠭ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢᠶᠠᠷ ᠬᠠᠮᠤᠭ ᠤᠨ ᠣᠬᠤᠷ᠂ ᠬᠢᠨᠠᠨ ᠵᠥᠪᠰᠢᠶᠡᠷᠡᠬᠦ ᠰᠦᠢᠳᠬᠡᠯ ᠬᠤᠷᠢᠶᠠᠯᠲᠠ ᠪᠠᠷ ᠬᠠᠮᠤᠭ ᠤᠨ ᠴᠥᠭᠡᠨ︾ ᠪᠠᠶᠢᠬᠤ ᠬᠠᠷᠠᠯᠲᠠ ᠶᠢᠨ ᠱᠠᠭᠠᠷᠳᠠᠯᠭ᠎ᠠ ᠶᠣᠰᠣᠭᠠᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠴᠤᠪᠤᠷᠠᠯ ᠢ ᠰᠢᠯᠢᠳᠡᠭᠵᠢᠭᠦᠯᠦᠨ ᠳᠠᠬᠢᠨ ᠵᠣᠬᠢᠶᠠᠬᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠵᠡᠷᠭᠡ ᠳᠤᠨᠢ ᠢᠯᠡ ᠨᠡᠶᠢᠲᠡᠯᠡᠬᠦ ᠶᠢ ᠦᠷᠭᠦᠯᠵᠢᠯᠡᠨ ᠠᠬᠢᠭᠤᠯᠤᠨ᠎ᠠ᠃    4. ᠵᠦᠢᠯᠡᠰ ᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠎ᠠ᠃ ᠳᠡᠭᠡᠳᠦ ᠱᠠᠲᠤᠨ ᠤ ᠬᠠᠤᠯᠢ ᠴᠠᠭᠠᠵᠠ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ᠂ ᠬᠢᠨᠠᠨ ᠵᠥᠪᠰᠢᠶᠡᠷᠡᠬᠦ ᠲᠠᠰ ᠳᠠᠪᠬᠤᠷᠭ᠎ᠠ ᠳᠤ ᠲᠣᠬᠢᠷᠠᠭᠤᠯᠤᠯᠲᠠ ᠬᠢᠬᠦ ᠵᠡᠷᠭᠡ ᠰᠢᠯᠲᠠᠭᠠᠨ ᠢ ᠦᠨᠳᠦᠰᠦᠯᠡᠨ ᠨᠡᠮᠡᠵᠦ ᠬᠠᠰᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠴᠠᠭ ᠲᠤᠬᠠᠢ ᠳᠤᠨᠢ ᠨᠠᠶᠢᠳᠠᠪᠤᠷᠢᠵᠢᠭᠤᠯᠤᠨ᠎ᠠ᠃ ᠡᠷᠬᠡ ᠶᠢ ᠳᠣᠷᠣᠭᠰᠢ ᠪᠠᠭᠤᠯᠭᠠᠬᠤ ᠶᠢᠨ ︽ᠭᠥᠯᠢᠶᠡᠨ ᠠᠪᠴᠤ ᠳᠡᠶᠢᠯᠬᠦ ᠦᠭᠡᠢ︾ ᠰᠢᠯᠲᠠᠭᠠᠨ ᠢ ᠬᠢᠨᠠᠮᠠᠭᠠᠢ ᠵᠠᠳᠠᠯᠵᠤ᠂ ᠳᠠᠭᠠᠭᠠᠨ ᠠᠪᠤᠭᠰᠠᠨ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠣᠯᠪᠠᠰᠤᠷᠠᠭᠤᠯᠤᠯ ᠢ ᠴᠢᠩᠭᠠᠳᠬᠠᠨ᠂ ᠬᠡᠷᠡᠭ ᠶᠠᠪᠤᠳᠠᠯ ᠢ ᠳᠣᠷᠣᠭᠰᠢ ᠪᠠᠭᠤᠯᠭᠠᠬᠤ ᠠᠵᠢᠯ ᠤᠨ ︽ᠭᠥᠯᠢᠶᠡᠨ ᠠᠪᠴᠤ ᠳᠡᠶᠢᠯᠬᠦ᠂ ᠰᠠᠶᠢᠲᠤᠷ ᠬᠠᠮᠢᠶᠠᠷᠴᠤ ᠳᠡᠶᠢᠯᠬᠦ᠂ ᠬᠢᠨᠠᠨ ᠵᠥᠪᠰᠢᠶᠡᠷᠡᠵᠦ ᠳᠡᠶᠢᠯᠬᠦ︾᠎ ᠶᠢ ᠦᠨᠡᠨᠬᠦ ᠪᠠᠲᠤᠯᠠᠬᠤ ᠬᠡᠷᠡᠭᠲᠡᠢ᠃    5. ᠳᠤᠲᠠᠭᠤ ᠶᠢ ᠪᠠᠭᠲᠠᠭᠠᠭᠰᠠᠨ ᠤ ᠳᠠᠷᠠᠭ᠎ᠠ ᠨᠥᠬᠦᠪᠦᠷᠢᠯᠡᠬᠦ ᠳᠤ ᠬᠡᠷᠡᠭᠯᠡᠬᠦ ᠬᠡᠪᠴᠢᠶ᠎ᠡ ᠶᠢ ᠵᠦᠢ ᠵᠣᠬᠢᠰᠲᠠᠢ ᠥᠷᠭᠡᠳᠬᠡᠨ᠎ᠡ ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠠᠬᠢ ᠳᠤᠲᠠᠭᠤ ᠶᠢ ᠪᠠᠭᠲᠠᠭᠠᠵᠤ ᠳᠠᠷᠠᠭ᠎ᠠ ᠎ ᠨᠢ ᠨᠥᠬᠦᠪᠦᠷᠢᠯᠡᠬᠦ ᠳᠤ ᠲᠣᠬᠢᠷᠠᠬᠤ ᠵᠦᠢᠯᠡᠰ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠨᠠᠷᠢᠨ ᠬᠠᠭᠤᠳᠠᠰᠤ ᠵᠢᠴᠢ ᠢᠵᠢ ᠪᠦᠷᠢᠳᠦᠭᠦᠯᠦᠨ ᠬᠡᠷᠡᠭᠵᠢᠭᠦᠯᠬᠦ ᠨᠠᠷᠢᠨ ᠳᠦᠷᠢᠮ ᠢ ᠪᠦᠷᠢᠯᠳᠦᠭᠦᠯᠦᠨ ᠭᠠᠳᠠᠭᠰᠢ ᠢᠯᠡ ᠨᠡᠶᠢᠲᠡᠯᠡᠨ᠎ᠡ᠃    6. ᠭᠡᠷᠡᠴᠢᠯᠡᠬᠦ ᠵᠦᠢᠯ ᠤᠨ ᠠᠮᠠᠯᠠᠯᠲᠠ ᠪᠠᠨ ᠮᠡᠳᠡᠭᠳᠡᠬᠦ ᠠᠵᠢᠯ ᠢ ᠤᠯᠠᠮ ᠨᠢᠭᠡ ᠠᠯᠬᠤᠮ ᠠᠬᠢᠭᠤᠯᠵᠤ᠂ ︽ᠭᠡᠷᠡᠴᠢ ᠦᠭᠡᠢ︾ ᠥᠭᠡᠷᠡᠴᠢᠯᠡᠯᠲᠡ ᠶᠢᠨ ᠥᠷᠭᠡᠵᠢᠯ ᠢ ᠪᠡᠶᠡᠯᠡᠭᠦᠯᠦᠨ᠎ᠡ᠃ ᠣᠲᠣ ᠶᠢᠨ ᠪᠠᠶᠢᠭ᠎ᠠ ᠭᠡᠷᠡᠴᠢᠯᠡᠬᠦ ᠵᠦᠢᠯᠡᠰ ᠢ ᠳᠠᠬᠢᠨ ᠲᠣᠬᠢᠷᠠᠭᠤᠯᠤᠨ ᠡᠮᠬᠢᠯᠡᠵᠦ᠂ ᠶᠤᠸᠠᠨ ᠪᠦᠦ ᠱᠠᠨ ᠲᠣᠭᠤᠷᠢᠭ ᠤᠨ ᠭᠡᠷᠡᠴᠢᠯᠡᠬᠦ ᠵᠦᠢᠯᠡᠰ ᠤᠨ ᠨᠠᠷᠢᠨ ᠬᠠᠭᠤᠳᠠᠰᠤ ᠶᠢ ᠲᠣᠭᠲᠠᠭᠠᠬᠤ ᠶᠢᠨ ᠬᠠᠮᠲᠤ ᠨᠡᠶᠢᠲᠡᠯᠡᠨ᠎ᠡ᠃ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠂ ︽ ᠬᠤᠶᠠᠷ ᠢ ᠲᠣᠬᠢᠶᠠᠯᠳᠤᠯ ᠢᠶᠠᠷ ᠬᠢᠬᠦ ᠂ ᠨᠢᠭᠡ ᠶᠢ ᠢᠯᠡ ᠪᠣᠯᠭᠠᠬᠤ ︾ ᠬᠢᠨᠠᠯᠲᠠ ᠬᠠᠮᠢᠶᠠᠷᠤᠯᠲᠠ ᠪᠠ ︽ ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ ︾᠎ ᠪᠠᠷ ᠦᠨᠳᠦᠰᠦᠨ ᠠᠷᠭ᠎ᠠ ᠪᠠᠷᠢᠯ ᠪᠣᠯᠭᠠᠭᠰᠠᠨ ᠂ ᠭᠤᠣᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠪᠠᠷ ᠨᠥᠬᠦᠪᠦᠷᠢ ᠪᠣᠯᠭᠠᠭᠰᠠᠨ ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠪᠠᠷ ᠰᠠᠭᠤᠷᠢ ᠪᠣᠯᠭᠠᠭᠰᠠᠨ ᠰᠢᠨ᠎ᠡ ᠮᠠᠶ᠋ᠢᠭ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ ᠃    7. ᠵᠠᠭᠤᠴᠢᠯᠠᠬᠤ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢ ᠪᠠᠶᠢᠭᠤᠯᠤᠨ᠎ᠠ ᠃ ᠵᠠᠭᠤᠴᠢᠯᠠᠬᠤ ᠦᠢᠯᠡᠴᠢᠯᠡᠭᠡᠨ ᠤ ᠵᠦᠢᠯᠡᠰ ᠬᠢᠭᠡᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠵᠡᠷᠭᠡ ᠳᠤᠨᠢ ᠢᠯᠭᠠᠷᠠᠭᠤᠯᠬᠤ ᠪᠠ ᠬᠥᠳᠡᠯᠦᠩᠭᠦᠢ ᠪᠠᠷ ᠲᠣᠬᠢᠷᠠᠭᠤᠯᠬᠤ ᠶᠢ ᠠᠬᠢᠭᠤᠯᠵᠤ᠂ ᠵᠠᠭᠤᠴᠢᠯᠠᠬᠤ ᠦᠢᠯᠡᠴᠢᠯᠡᠭᠡᠨ ᠤ ᠵᠦᠢᠯᠡᠰ ᠢ ᠤᠯᠠᠮ ᠨᠢᠭᠡ ᠠᠯᠬᠤᠮ ᠪᠠᠭᠠᠰᠬᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠪᠤᠶᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ ᠤᠨ ᠦᠨᠳᠦᠰᠦᠯᠡᠯ ᠦᠭᠡᠢ ᠪᠣᠯ ᠪᠦᠬᠦᠨ ᠢ ᠬᠦᠴᠦᠨ ᠦᠭᠡᠢ ᠪᠣᠯᠭᠠᠨ᠎ᠠ᠃    8. ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠲᠦᠷᠭᠡᠳᠬᠡᠨ ᠪᠠᠶᠢᠭᠤᠯᠵᠤ᠂ ᠶᠡᠷᠦᠩᠬᠡᠶᠢᠯᠡᠭᠰᠡᠨ ᠴᠢᠨᠠᠷᠲᠠᠢ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠲᠥᠪᠯᠡᠷᠡᠭᠦᠯᠦᠨ ᠦᠢᠯᠡᠴᠢᠯᠡᠬᠦ ᠵᠠᠭᠪᠤᠷ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠤᠨ ᠬᠠᠷᠢᠯᠴᠠᠨ ᠨᠡᠪᠲᠡᠷᠡᠯᠴᠡᠭᠦᠯᠬᠦ᠂ ᠭᠠᠵᠠᠷ ᠣᠷᠣᠨ᠂ ᠰᠠᠯᠠᠭ᠎ᠠ ᠮᠥᠴᠢᠷ ᠠᠯᠤᠰᠯᠠᠨ᠂ ᠲᠠᠰ ᠳᠠᠪᠬᠤᠷᠭ᠎ᠠ ᠠᠯᠤᠰᠯᠠᠨ ᠬᠠᠮᠵᠢᠯᠴᠠᠨ ᠭᠦᠢᠴᠡᠳᠬᠡᠬᠦ᠂ ᠪᠥᠬᠦ ᠬᠤᠲᠠ ᠳᠤ ᠨᠡᠶᠢᠳᠡᠮ ᠭᠦᠢᠴᠡᠳᠬᠡᠬᠦ᠂ ᠣᠶᠢᠷ᠎ᠠ ᠬᠠᠪᠢ ᠳᠠᠭᠠᠨ ᠭᠦᠢᠴᠡᠳᠬᠡᠵᠦ ᠪᠣᠯᠬᠤ᠂ ᠣᠨᠳᠣᠣ ᠭᠠᠵᠠᠷ ᠲᠤ ᠭᠦᠢᠴᠡᠳᠬᠡᠵᠦ ᠪᠣᠯᠬᠤ ᠶᠢ ᠠᠬᠢᠭᠤᠯᠵᠤ᠂ ᠦᠢᠯᠡᠴᠢᠯᠡᠭᠡᠨ ᠤ ᠬᠦᠴᠦᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠦᠨ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠎ ᠶᠢ ᠲᠦᠷᠭᠡᠳᠬᠡᠨ ᠠᠬᠢᠭᠤᠯᠵᠤ᠂ ︽ ᠮᠥᠩᠬᠡ ᠰᠤᠪᠠᠭ · ᠳᠥᠷᠪᠡ ᠶᠢ ᠭᠦᠢᠴᠡᠳᠬᠡᠬᠦ︾᠎ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ ᠮᠥᠩᠬᠡ ᠰᠤᠪᠠᠭ︾᠎ ᠤᠨ APP᠎ ᠶᠢᠨ ᠳᠠᠩᠰᠠᠯᠠᠭᠤᠯᠬᠤ ᠬᠠᠷᠢᠴᠠᠯ ᠢ ᠦᠷᠭᠦᠯᠵᠢᠯᠡᠨ ᠳᠡᠭᠡᠭᠰᠢᠯᠡᠭᠦᠯᠦᠨ᠎ᠡ᠃    9. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ︽ 12345︾᠎ ᠶᠢᠨ ᠬᠠᠯᠠᠮᠰᠢᠯ ᠤᠲᠠᠰᠤ ᠶᠢᠨ ᠴᠢᠳᠠᠮᠵᠢ ᠶᠢ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠵᠥᠪᠯᠡᠯᠭᠡ ᠥᠭᠬᠦ ᠵᠠᠭᠠᠯᠳᠤᠬᠤ ᠢᠯᠡᠴᠢᠯᠡᠨ ᠮᠡᠳᠡᠭᠦᠯᠬᠦ ᠶᠢ ᠨᠢᠭᠡᠳᠦᠯᠲᠡᠢ ᠭᠥᠯᠢᠶᠡᠨ ᠠᠪᠴᠤ ᠰᠢᠢᠳᠪᠦᠷᠢᠯᠡᠬᠦ᠂ ᠬᠠᠷᠢᠭᠤᠴᠠᠯᠭ᠎ᠠ ᠶᠣᠰᠣᠭᠠᠷ ᠰᠢᠯᠵᠢᠭᠦᠯᠦᠨ ᠭᠦᠢᠴᠡᠳᠬᠡᠬᠦ᠂ ᠴᠠᠭ ᠬᠢᠵᠠᠭᠠᠷᠯᠠᠨ ᠰᠢᠮᠳᠠᠭᠤᠯᠤᠨ ᠭᠦᠢᠴᠡᠳᠬᠡᠬᠦ᠂ ᠰᠢᠢᠳᠪᠦᠷᠢᠯᠡᠵᠦ ᠳᠠᠭᠤᠰᠬᠠᠭᠠᠳ ᠬᠠᠷᠢᠭᠤ ᠲᠤᠰᠬᠠᠬᠤ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ︽ᠶᠡᠷᠦᠩᠬᠡᠢ ᠦᠢᠯᠡᠴᠢᠯᠡᠭᠡᠨ ᠤ ᠦᠢᠯᠡᠴᠢᠯᠡᠭᠡ︾᠎ ᠶᠢ ᠪᠣᠶ ᠪᠣᠯᠭᠠᠨ᠎ᠠ᠃ ︽ᠰᠠᠶᠢᠨ ᠮᠠᠭᠤ ᠶᠢᠨ ᠦᠨᠡᠯᠡᠯᠲᠡ︾᠎ ᠶᠢᠨ ᠪᠠᠶᠢᠭᠤᠯᠤᠯᠲᠠ ᠪᠠᠷ ᠳᠡᠮᠵᠢᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃    ︵ ᠬᠤᠶᠠᠷ ︶ ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ    ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠥᠮᠴᠢᠯᠡᠬᠦ ᠡᠷᠬᠡ᠂ ᠪᠡᠶ᠎ᠡ ᠪᠠᠨ ᠳᠠᠭᠠᠭᠠᠵᠤ ᠡᠵᠡᠩᠨᠡᠬᠦ ᠡᠷᠬᠡ ᠪᠠ ᠪᠤᠰᠤᠳ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠷᠬᠡ ᠲᠡᠭᠰᠢ ᠪᠠᠷ ᠥᠷᠢᠰᠦᠯᠳᠦᠬᠦ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠲᠡᠭᠦᠯᠳᠡᠷᠵᠢᠭᠦᠯᠦᠨ᠎ᠡ᠃ ᠵᠠᠰᠠᠭ ᠪᠠ ᠠᠵᠤ ᠠᠬᠤᠶᠢᠯᠠᠯ ᠤᠨ ᠨᠡᠪᠲᠡᠷᠡᠯᠴᠡᠭᠡ ᠶᠢᠨ ᠰᠠᠭᠠᠳ ᠦᠭᠡᠢ ᠪᠥᠭᠡᠳ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠵᠠᠰᠠᠭ ᠪᠠ ᠬᠤᠳᠠᠯᠳᠤᠭᠠᠨ ᠤ ᠶᠠᠪᠤᠯᠴᠠᠭ᠎ᠠ ᠶᠢᠨ ᠵᠥᠪ ᠲᠠᠯ᠎ᠠ ᠶᠢᠨ ᠨᠠᠷᠢᠨ ᠬᠠᠭᠤᠳᠠᠰᠤ ᠪᠠ ᠨᠠᠵᠠᠭᠠᠢ ᠲᠠᠯ᠎ᠠ ᠶᠢᠨ ᠨᠠᠷᠢᠨ ᠬᠠᠭᠤᠳᠠᠰᠤ ᠶᠢ ᠲᠣᠭᠲᠠᠭᠠᠵᠤ᠂ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠶᠠᠪᠤᠴᠠ ᠳᠤ ᠠᠵᠤ ᠠᠬᠤᠶᠢᠯᠠᠯ ᠪᠠ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ ᠤᠨ ᠰᠠᠨᠠᠯ ᠢ ᠭᠦᠢᠴᠡᠳ ᠰᠣᠨᠣᠰᠤᠨ᠎ᠠ᠃    ᠮᠣᠨᠣᠫᠣᠯᠢᠴᠢᠯᠠᠯ ᠢ ᠡᠰᠡᠷᠭᠦᠴᠡᠬᠦ ᠪᠠ ᠵᠦᠢ ᠪᠤᠰᠤ ᠥᠷᠢᠰᠦᠯᠳᠦᠭᠡᠨ ᠢ ᠡᠰᠡᠷᠭᠦᠴᠡᠬᠦ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ ᠰᠠᠶᠢᠵᠢᠷᠠᠭᠤᠯᠵᠤ ᠂ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ ᠂ ᠨᠢᠭᠡᠳᠦᠯᠲᠡᠢ ᠵᠠᠬ᠎ᠠ ᠳᠡᠯᠭᠡᠭᠦᠷ ᠪᠠ ᠭᠤᠣᠯᠴᠢ ᠥᠷᠢᠰᠦᠯᠳᠦᠭᠡᠨ ᠢ ᠬᠠᠷᠰᠢᠯᠠᠬᠤ ᠡᠯ᠎ᠡ ᠵᠦᠢᠯ ᠤᠨ ᠲᠣᠭᠲᠠᠭᠠᠯ ᠪᠠ ᠠᠷᠭ᠎ᠠ ᠬᠢᠳᠡᠯ ᠢ ᠴᠠᠭ ᠲᠤᠬᠠᠢ ᠳᠤᠨᠢ ᠴᠡᠪᠡᠷᠯᠡᠨ ᠬᠦᠴᠦᠨ ᠦᠭᠡᠢ ᠪᠣᠯᠭᠠᠵᠤ ᠂ ᠡᠯ᠎ᠡ ᠵᠦᠢᠯ ᠤᠨ ︽ ᠲᠠᠯᠳᠠ ᠨᠥᠬᠦᠴᠡᠯ ︾᠎ ᠢ ᠡᠪᠳᠡᠨ᠎ᠡ ᠃ ᠨᠠᠷᠢᠯᠢᠭ ᠨᠠᠶᠢᠳᠠᠪᠤᠷᠢᠵᠢᠭᠤᠯᠬᠤ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠤᠨ ᠳᠠᠩᠰᠠᠨ ᠤ ᠵᠣᠭᠤᠰ ᠢ ᠥᠷᠢᠲᠦᠵᠦ ᠪᠠᠶᠢᠭ᠎ᠠ ᠪᠠᠶᠢᠳᠠᠯ ᠢ ᠴᠡᠪᠡᠷᠯᠡᠬᠦ ᠤᠷᠲᠤᠮᠵᠢ ᠶᠢᠨ ᠲᠣᠭᠲᠠᠴᠠ ᠶᠢ ᠪᠠᠶᠢᠭᠤᠯᠤᠨ᠎ᠠ᠃    ᠬᠤᠶᠠᠷ ᠂ ᠬᠠᠤᠯᠢ ᠶᠣᠰᠣᠭᠠᠷ ᠵᠠᠰᠠᠭ ᠶᠠᠪᠤᠭᠤᠯᠬᠤ ᠳᠦᠷᠢᠮ ᠤᠨ ᠰᠢᠰᠲ᠋ᠧᠮ ᠢ ᠪᠦᠷᠢᠨᠰᠢᠭᠦᠯᠦᠨ᠎ᠡ    ︵ᠭᠤᠷᠪᠠ︶ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ  ᠮᠠᠲ᠋ᠧᠷᠢᠶᠠᠯ ᠲᠣᠭᠲᠠᠭᠠᠬᠤ  ᠳᠤ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠬᠤ ᠬᠡᠷᠡᠭᠲᠡᠢ    12. ᠵᠠᠰᠠᠭ ᠵᠠᠬᠢᠷᠭᠠᠨ ᠤ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠣᠭᠲᠠᠭᠠᠬᠤ ᠲᠥᠯᠦᠪᠵᠢᠭᠦᠯᠭᠡ ᠪᠠ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠰᠢᠨ᠎ᠡ ᠪᠠᠷ ᠪᠣᠶ ᠪᠣᠯᠤᠭᠰᠠᠨ ᠬᠦᠷᠢᠶ᠎ᠡ ᠴᠠᠷᠠᠭ᠎ᠠ ᠶᠢᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠥᠭᠡᠷᠡᠴᠢᠯᠡᠬᠦ ᠬᠦᠴᠦᠨ ᠦᠭᠡᠢ ᠪᠣᠯᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠨᠡᠭᠦᠷᠡᠰᠦᠨ ᠤ ᠡᠬᠢ ᠪᠠᠶᠠᠯᠢᠭ ᠤᠨ ᠬᠠᠮᠢᠶᠠᠷᠤᠯᠲᠠ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠲᠠᠯ᠎ᠠ ᠶᠢᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠵᠦᠢ ᠵᠣᠬᠢᠰᠲᠠᠢ ᠲᠣᠭᠲᠠᠭᠠᠨ ᠵᠠᠰᠠᠪᠤᠷᠢ ᠣᠷᠣᠭᠤᠯᠵᠤ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠨᠳᠤᠯᠭᠠᠲᠤ ᠴᠢᠨᠠᠷ᠂ ᠬᠡᠷᠡᠭᠯᠡᠭᠡᠨ ᠤ ᠴᠢᠨᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠦᠨᠡᠨᠬᠦ ᠴᠢᠩᠭᠠᠷᠠᠭᠤᠯᠤᠨ᠎ᠠ᠃    13. ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠲᠣᠭᠲᠠᠴᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠨᠠᠨ ᠬᠠᠷᠭᠤᠭᠤᠯᠬᠤ ᠬᠡᠪᠴᠢᠶ᠎ᠡ ᠶᠢ ᠲᠣᠳᠣᠷᠬᠠᠶᠢᠯᠠᠨ᠂ ᠬᠢᠨᠠᠨ ᠬᠠᠷᠭᠤᠭᠤᠯᠬᠤ ᠪᠠᠷᠢᠮᠵᠢᠶ᠎ᠠ ᠶᠢ ᠨᠢᠭᠡᠳᠦᠯᠲᠡᠢ ᠪᠣᠯᠭᠠᠵᠤ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠨ ᠬᠢᠨᠠᠨ ᠬᠠᠷᠭᠤᠭᠤᠯᠬᠤ ᠶᠠᠰᠤ ᠴᠢᠨᠠᠷ ᠢ ᠳᠡᠭᠡᠭᠰᠢᠯᠡᠭᠦᠯᠦᠨ᠎ᠡ ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠬᠠᠮᠢᠶᠠᠷᠬᠤ ᠠᠵᠢᠯ ᠢ ᠵᠢᠯᠤᠭᠤᠳᠴᠤ ᠬᠢᠨᠠᠯᠲᠠ ᠲᠠᠯᠪᠢᠬᠤ ᠪᠠᠨ ᠴᠢᠩᠭᠠᠳᠬᠠᠨ᠎ᠠ ᠃ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠶᠢᠨ ᠬᠠᠤᠯᠢ ᠶᠣᠰᠣᠴᠢ ᠴᠢᠨᠠᠷ ᠤᠨ ᠬᠢᠨᠠᠨ ᠬᠠᠷᠭᠤᠭᠤᠯᠤᠯᠲᠠ ᠶᠢ ᠪᠦᠬᠦᠨ ᠢ ᠬᠠᠮᠤᠷᠬᠤ ᠠᠵᠢᠯ ᠢ ᠠᠬᠢᠭᠤᠯᠤᠨ᠎ᠠ᠃    14. ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠪᠢᠴᠢᠭ ᠮᠠᠲ᠋ᠧᠷᠢᠶᠠᠯ ᠪᠠᠶᠢᠪᠠᠯ ᠵᠠᠪᠠᠯ ᠪᠡᠯᠡᠳᠬᠡᠬᠦ᠂ ᠪᠡᠯᠡᠳᠬᠡᠯ ᠪᠠᠶᠢᠪᠠᠯ ᠵᠠᠪᠠᠯ ᠬᠢᠨᠠᠬᠤ᠂ ᠪᠤᠷᠤᠭᠤ ᠪᠠᠶᠢᠪᠠᠯ ᠵᠠᠪᠠᠯ ᠵᠠᠯᠠᠷᠠᠭᠤᠯᠬᠤ︾᠎ ᠶᠢ ᠪᠡᠶᠡᠯᠡᠭᠦᠯᠥᠨ᠎ᠡ ᠃ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠨᠢᠭᠡᠳᠦᠯᠲᠡᠢ ᠳᠠᠩᠰᠠᠯᠠᠬᠤ ᠂ ᠨᠢᠭᠡᠳᠦᠯᠲᠡᠢ ᠳ᠋ᠤᠭᠠᠷᠯᠠᠬᠤ ᠂ ᠨᠢᠭᠡᠳᠦᠯᠲᠡᠢ ᠨᠡᠶᠢᠲᠡᠯᠡᠬᠦ ᠳᠦᠷᠢᠮ ᠢ ᠪᠥᠬᠦ ᠲᠠᠯ᠎ᠠ ᠪᠠᠷ  ᠨᠠᠶᠢᠳᠠᠪᠤᠷᠢᠵᠢᠭᠤᠯᠤᠨ᠎ᠠ᠃    15. ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠪᠠ ᠦᠨᠡᠯᠡᠨ ᠵᠢᠱᠢᠵᠦ ᠢᠯᠭᠠᠷᠠᠭᠤᠯᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠳᠦᠭᠦᠷᠬᠦ ᠠᠴᠠ 6 ᠰᠠᠷ᠎ᠠ ᠶᠢᠨ ᠡᠮᠦᠨ᠎ᠡ ᠂ ᠭᠤᠣᠯ ᠭᠦᠢᠴᠡᠳᠬᠡᠬᠦ ᠰᠠᠯᠠᠭ᠎ᠠ ᠮᠥᠴᠢᠷ ᠨᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠡᠷᠡᠭᠵᠢᠭᠦᠯᠦᠭᠰᠡᠨ ᠪᠠᠶᠢᠳᠠᠯ ᠢ ᠦᠨᠡᠯᠡᠨ ᠵᠢᠱᠢᠬᠦ ᠶᠢ ᠥᠷᠨᠢᠭᠦᠯᠵᠦ ᠂ ᠦᠨᠡᠯᠡᠨ ᠵᠢᠱᠢᠭᠰᠡᠨ ᠦᠷ᠎ᠡ ᠳ᠋ᠦᠩ ᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠢᠯᠭᠠᠷᠠᠭᠤᠯᠬᠤ ᠭᠤᠣᠯ ᠦᠨᠳᠦᠰᠦᠯᠡᠯ ᠪᠣᠯᠭᠠᠬᠤ ᠬᠡᠷᠡᠭᠲᠡᠢ ᠃    ᠭᠤᠷᠪᠠ ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠤᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ    ︵ᠳᠥᠷᠪᠡ︶ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠵᠡᠯ ᠤᠬᠠᠮᠰᠠᠷ ᠢᠶᠠᠨ ᠴᠢᠩᠭᠠᠷᠠᠭᠤᠯᠤᠨ᠎ᠠ    ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠭᠤᠣᠯ ᠬᠠᠷᠢᠭᠤᠴᠠᠯᠭᠠᠲᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠭᠠᠷᠭᠠᠬᠤ ᠠᠴᠠ ᠪᠠᠨ ᠡᠮᠦᠨ᠎ᠡ ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠰᠠᠨᠠᠯ ᠢ ᠰᠣᠨᠣᠰᠴᠤ ᠂ ᠬᠠᠤᠯᠢ ᠴᠠᠭᠠᠵᠠ ᠶᠢᠨ ᠵᠥᠪᠯᠡᠭᠴᠢ ᠂ ᠠᠯᠪᠠᠨ ᠲᠤᠰᠢᠶᠠᠯᠲᠤ ᠬᠠᠤᠯᠢᠴᠢ ᠪᠤᠶᠤ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠤ ᠰᠠᠨᠠᠯ ᠢ ᠠᠩᠬᠠᠷᠤᠨ ᠰᠣᠨᠣᠰᠬᠤ ᠬᠡᠷᠡᠭᠲᠡᠢ ᠃ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ ᠢ ᠵᠢᠷᠤᠮᠯᠠᠬᠤ ᠡᠰᠡᠬᠦ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠡᠶᠡᠯᠡᠭᠦᠯᠵᠦ ᠳᠡᠶᠢᠯᠬᠦ ᠡᠰᠡᠬᠦ ᠶᠢ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶᠎ ᠳᠤ ᠲᠣᠭᠤᠷᠢᠨ ᠪᠠᠶᠢᠴᠠᠭᠠᠵᠤ ᠲᠣᠭᠤᠷᠢᠨ ᠪᠠᠶᠢᠴᠠᠭᠠᠬᠤ ᠪᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠤᠳᠤᠷᠢᠳᠬᠤ ᠪᠠᠭ ᠵᠢᠴᠢ ᠭᠤᠣᠯ ᠬᠠᠷᠢᠭᠤᠴᠠᠯᠭᠠᠲᠠᠨ ᠳᠤ ᠬᠢᠨᠠᠨ ᠰᠢᠯᠭᠠᠵᠤ ᠰᠢᠮᠳᠠᠭᠤᠯᠤᠨ ᠪᠠᠶᠢᠴᠠᠭᠠᠬᠤ᠂ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠥᠷᠨᠢᠭᠦᠯᠬᠦ ᠶᠢᠨ ᠴᠢᠬᠤᠯᠠ ᠠᠭᠤᠯᠭ᠎ᠠ ᠪᠣᠯᠭᠠᠨ᠎ᠠ᠃    ︵ ᠲᠠᠪᠤ ︶ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠢ ᠴᠢᠩᠭ᠎ᠠ ᠨᠠᠶᠢᠳᠠᠪᠤᠷᠢᠵᠢᠭᠤᠯᠤᠨ᠎ᠠ    17. ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠦᠷ ᠬᠡᠷᠡᠭᠵᠢᠭᠦᠯᠬᠦ ᠳᠦᠷᠢᠮ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ᠪᠠ ︽ᠤᠯᠠᠭᠠᠨᠬᠠᠳᠠ ᠬᠤᠲᠠ ᠶᠢᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ᠵᠢᠴᠢ ᠬᠠᠮᠢᠶ᠎ᠠ ᠪᠦᠬᠦᠢ 6 ᠵᠦᠢᠯ ᠤᠨ ᠳᠦᠷᠢᠮ ᠢ ᠴᠢᠩᠭ᠎ᠠ ᠬᠡᠷᠡᠭᠵᠢᠭᠦᠯᠵᠦ᠂ ᠪᠣᠶ ᠪᠦᠬᠦᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠴᠥᠮ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢ ᠴᠢᠩᠭ᠎ᠠ ᠬᠡᠷᠡᠭᠵᠢᠭᠦᠯᠬᠦ ᠶᠢ ᠦᠨᠡᠨᠬᠦ ᠪᠠᠲᠤᠯᠠᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠣᠨ ᠤ ᠭᠠᠷᠴᠠᠭ ᠢ ᠢᠯᠡ ᠪᠣᠯᠭᠠᠬᠤ ᠳᠦᠷᠢᠮ ᠢ ᠬᠡᠷᠡᠭᠵᠢᠭᠦᠯᠵᠦ ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ ᠃ ᠰᠢᠢᠳᠪᠦᠷᠢᠲᠦ ᠪᠣᠳᠣᠯᠭ᠎ᠠ ᠶᠢᠨ ᠶᠠᠪᠤᠴᠠ ᠶᠢ ᠲᠡᠮᠳᠡᠭᠯᠡᠬᠦ ᠂ ᠮᠠᠲ᠋ᠧᠷᠢᠶᠠᠯ ᠢ ᠲᠠᠩᠰᠠ ᠡᠪᠬᠡᠮᠡᠯ ᠳᠤ ᠣᠷᠣᠭᠤᠯᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ ᠃    18. ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ︽ᠤᠯᠠᠭᠠᠨᠬᠠᠳᠠ ᠬᠤᠲᠠ ᠶᠢᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠭᠠᠷᠴᠠᠭ ᠤᠨ ᠬᠠᠮᠢᠶᠠᠷᠤᠯᠲᠠ ᠶᠢᠨ ᠠᠷᠭ᠎ᠠ︾᠎ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠨᠢᠭᠡᠳᠦᠭᠡᠷ ᠤᠯᠠᠷᠢᠯ ᠳᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠠᠴᠠ ᠰᠢᠢᠳᠪᠦᠷᠢᠲᠦ ᠪᠣᠳᠣᠯᠭ᠎ᠠ ᠶᠢᠨ ᠤᠴᠢᠷ ᠶᠠᠪᠤᠳᠠᠯ ᠤᠨ ᠲᠤᠬᠠᠢ ᠰᠠᠨᠠᠭᠤᠯᠭ᠎ᠠ ᠴᠤᠭᠯᠠᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ 2022 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ᠢ ᠵᠣᠬᠢᠶᠠᠨ ᠪᠠᠶᠢᠭᠤᠯᠤᠨ ᠲᠣᠭᠲᠠᠭᠠᠵᠤ᠂ ᠲᠣᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠢ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠨ᠂ 3 ᠳ᠋ᠤᠭᠠᠷ ᠰᠠᠷ᠎ᠠ ᠶᠢᠨ 31᠎ ᠤ ᠡᠳᠦᠷ ᠠᠴᠠ ᠡᠮᠦᠨ᠎ᠡ ᠨᠡᠶᠢᠭᠡᠮ ᠳᠤ ᠨᠡᠶᠢᠲᠡᠯᠡᠬᠦ ᠶᠢᠨ ᠬᠠᠮᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠣᠶᠤᠨᠴᠢᠯᠠᠭᠰᠠᠨ ᠨᠢᠭᠡ ᠴᠣᠭᠴᠠᠵᠢᠭᠰᠠᠨ ᠲᠠᠪᠴᠠᠩ ᠳᠠᠬᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠮᠢᠶᠠᠷᠤᠯᠲᠠ ᠶᠢᠨ ᠬᠤᠪᠢᠶᠠᠷᠢ ᠲᠠᠪᠴᠠᠩ ᠢᠶᠠᠷ ᠳᠠᠮᠵᠢᠭᠤᠯᠤᠨ ᠳᠡᠭᠡᠳᠦ ᠱᠠᠲᠤᠨ ᠤ ᠵᠠᠰᠠᠭ ᠤᠨ ᠣᠷᠳᠤᠨ ᠳᠤ ᠳᠠᠩᠰᠠᠯᠠᠨ ᠮᠡᠳᠡᠭᠦᠯᠥᠨ᠎ᠡ᠃    ︵ ᠵᠢᠷᠭᠤᠭ᠎ᠠ ︶ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠪᠠ ᠦᠨᠡᠯᠡᠨ ᠵᠢᠱᠢᠬᠦ ᠶᠢ ᠴᠢᠩᠭᠠᠳᠬᠠᠨ᠎ᠠ    19. ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠨᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠠᠭᠠᠨ ᠬᠡᠷᠡᠭᠵᠢᠭᠦᠯᠬᠦ ᠭᠤᠣᠯ ᠴᠣᠭᠴᠠ᠂ ᠬᠡᠷᠡᠭᠵᠢᠭᠦᠯᠬᠦ ᠴᠠᠭ ᠤᠨ ᠬᠢᠵᠠᠭᠠᠷ᠂ ᠭᠦᠢᠴᠡᠳᠬᠡᠬᠦ ᠶᠢ ᠬᠠᠷᠢᠭᠤ ᠲᠤᠰᠬᠠᠬᠤ ᠵᠡᠷᠭᠡ ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠢ ᠃ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤᠮᠳᠠᠬᠢ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠰᠢᠮᠳᠠᠭᠤᠯᠤᠨ ᠪᠠᠶᠢᠴᠠᠭᠠᠬᠤ ᠲᠥᠷᠥᠯ ᠵᠦᠢᠯ ᠲᠣᠭᠲᠠᠭᠠᠬᠤ᠂ ᠰᠢᠮᠳᠠᠭᠤᠯᠤᠨ ᠪᠠᠶᠢᠴᠠᠭᠠᠬᠤ ᠠᠷᠭ᠎ᠠ ᠮᠠᠶ᠋ᠢᠭ᠂ ᠰᠢᠮᠳᠠᠭᠤᠯᠤᠨ ᠪᠠᠶᠢᠴᠠᠭᠠᠬᠤ ᠲᠠᠰ ᠳᠠᠷᠠᠭᠠᠯᠠᠯ ᠵᠡᠷᠭᠡ ᠶᠢ ᠵᠢᠷᠤᠮᠵᠢᠭᠤᠯᠬᠤ ᠪᠠᠶᠢᠭᠤᠯᠤᠯᠲᠠ ᠶᠢ ᠠᠬᠢᠭᠤᠯᠤᠨ᠎ᠠ᠃    20. ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠨ ᠰᠢᠢᠳᠪᠦᠷᠢᠲᠦ ᠪᠣᠳᠣᠯᠭ᠎ᠠ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠣᠶᠤᠨᠴᠢᠯᠠᠭᠰᠠᠨ ᠨᠢᠭᠡ ᠴᠣᠭᠴᠠᠵᠢᠭᠰᠠᠨ ᠲᠠᠪᠴᠠᠩ ᠢᠶᠠᠷ ᠳᠠᠮᠵᠢᠭᠤᠯᠤᠨ ᠴᠠᠭ ᠲᠤᠬᠠᠢ ᠳᠤᠨᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠬᠦ ᠠᠵᠢᠯ ᠢ ᠬᠠᠤᠯᠢ ᠶᠣᠰᠣᠭᠠᠷ ᠲᠦᠯᠬᠢᠨ ᠠᠬᠢᠭᠤᠯᠵᠤ᠂ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠭᠰᠡᠨ ᠦᠷ᠎ᠡ ᠳ᠋ᠦᠩ ᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠲᠣᠬᠢᠷᠠᠭᠤᠯᠤᠯᠲᠠ ᠬᠢᠬᠦ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠨᠠᠰᠤᠨ ᠲᠤᠷᠰᠢᠲᠠ ᠶᠢᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠪᠠ ᠬᠠᠷᠢᠭᠤᠴᠠᠯᠭ᠎ᠠ ᠶᠢ ᠬᠡᠳᠡᠷᠬᠦ ᠪᠠᠶᠢᠴᠠᠭᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠎ᠠ ᠃    ᠳᠥᠷᠪᠡ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠰᠢᠰᠲ᠋ᠧᠮᠵᠢ ᠶᠢ ᠪᠦᠷᠢᠨᠰᠢᠭᠦᠯᠦᠨ᠎ᠡ    ︵ᠲᠤᠯᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ    21. ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ ᠂ ᠠᠮᠢ ᠠᠬᠤᠢ ᠶᠢᠨ ᠣᠷᠴᠢᠨ ᠲᠣᠭᠤᠷᠢᠨ᠂ ᠰᠣᠶᠣᠯ ᠤᠨ ᠵᠢᠭᠤᠯᠴᠢᠯᠠᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠲᠠᠷᠢᠶᠠᠯᠠᠩ ᠮᠠᠯ ᠠᠵᠤ ᠠᠬᠤᠢ ᠵᠡᠷᠭᠡ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠬᠡᠷᠡᠭᠵᠢᠭᠦᠯᠬᠦ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠨᠡᠶᠢᠲᠡᠯᠡᠨ᠎ᠡ᠃    22. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠦᠷᠢᠮ︾᠎ ᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠲᠣᠭᠤᠷᠢᠭ ᠤᠨ ᠱᠠᠲᠤ᠂ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠶᠢᠨ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠵᠣᠬᠢᠴᠠᠭᠤᠯᠤᠨ ᠬᠢᠨᠠᠯᠲᠠ ᠲᠠᠯᠪᠢᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠲᠤᠷᠰᠢᠯᠲᠠ ᠶᠢᠨ ᠴᠢᠭ᠋ ᠤᠨ ᠬᠠᠤᠯᠢ ᠬᠡᠷᠡᠭᠵᠢᠭᠦᠯᠬᠦ ᠭᠠᠵᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯ ᠳᠤ ᠣᠷᠣᠯᠴᠠᠵᠤ᠂ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠶᠢᠨ ᠬᠠᠤᠯᠢ ᠬᠡᠷᠡᠭᠵᠢᠭᠦᠯᠬᠦ ᠠᠵᠢᠯ ᠢ ᠵᠢᠯᠤᠭᠤᠳᠴᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠤᠯᠠᠭᠠᠨᠬᠠᠳᠠ ᠬᠤᠲᠠ ᠶᠢᠨ ︽ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠢᠷᠤᠮᠵᠢᠯ︾᠎ ᠢ ᠴᠢᠩᠭ᠎ᠠ ᠬᠡᠷᠡᠭᠵᠢᠭᠦᠯᠵᠦ᠂ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃    23. ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠶᠢᠨ ᠶᠠᠯ᠎ᠠ ᠬᠢᠭᠰᠡᠨ ᠰᠡᠵᠢᠭᠯᠡᠯᠲᠡᠢ ᠬᠡᠷᠡᠭ ᠢ ᠰᠢᠯᠵᠢᠭᠦᠯᠦᠨ ᠬᠦᠷᠭᠡᠬᠦ ᠲᠣᠭᠲᠠᠭᠠᠯ︾᠎ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠶᠢ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ︽ᠬᠤᠶᠠᠷ ᠬᠠᠤᠯᠢ ᠶᠢ ᠵᠣᠯᠭᠠᠭᠤᠯᠬᠤ︾ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠎ ᠶᠢ ᠲᠤᠭᠳᠠᠴᠠᠵᠢᠭᠤᠯᠬᠤ᠂ ᠬᠡᠷᠡᠭ ᠢ ᠰᠢᠯᠵᠢᠭᠦᠯᠦᠨ ᠬᠦᠷᠭᠡᠬᠦ ᠪᠠᠷᠢᠮᠵᠢᠶ᠎ᠠ ᠪᠠ ᠲᠠᠰ ᠳᠠᠷᠠᠭᠠᠯᠠᠯ ᠢ ᠵᠢᠷᠤᠮᠵᠢᠭᠤᠯᠬᠤ ᠶᠢ ᠠᠬᠢᠭᠤᠯᠤᠨ᠎ᠠ ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠲᠣᠬᠢᠷᠠᠭᠤᠯᠬᠤ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃    ︵ ᠨᠠᠢᠮᠠ ︶ ᠭᠤᠣᠯᠳᠠᠯᠭ᠎ᠠ ᠲᠠᠢ ᠬᠦᠷᠢᠶᠡᠨ ᠳᠠᠬᠢ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ    24. ᠢᠳᠡᠭᠡᠨ ᠪᠠ ᠡᠮ ᠤᠨ ᠵᠦᠢᠯ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠶᠢᠨ ᠣᠷᠴᠢᠨ ᠲᠣᠭᠤᠷᠢᠨ᠂ ᠠᠶᠤᠯ ᠦᠭᠡᠢ ᠦᠢᠯᠡᠳᠪᠦᠷᠢᠯᠡᠯ᠂ ᠬᠥᠳᠡᠯᠮᠦᠷᠢ ᠶᠢᠨ ᠪᠠᠲᠤᠯᠠᠭ᠎ᠠ᠂ ᠬᠤᠲᠠ ᠶᠢᠨ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠬᠥᠮᠦᠵᠢᠯ ᠪᠣᠯᠪᠠᠰᠤᠷᠠᠭᠤᠯᠤᠯ᠂ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠵᠡᠷᠭᠡ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃    ︵ ᠶᠢᠰᠦ ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠢᠷᠤᠮ ᠢ ᠲᠡᠭᠦᠯᠳᠡᠷᠵᠢᠭᠦᠯᠦᠨ᠎ᠡ    25. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠢᠯᠡ ᠨᠡᠶᠢᠲᠡᠯᠡᠵᠦ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠬᠤ ᠠᠷᠭ᠎ᠠ︾᠎ ᠶᠢ ᠴᠢᠩᠭ᠎ᠠ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠦᠢᠯ ᠤᠨ ᠳᠦᠷᠢᠮ︾᠎ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠴᠢᠯᠦᠭᠡᠲᠦ ᠲᠠᠰᠤᠯᠤᠯᠲᠠ ᠶᠢᠨ ᠡᠷᠬᠡ ᠶᠢ ᠬᠡᠷᠡᠭᠵᠢᠭᠦᠯᠬᠦ ᠶᠢ ᠵᠢᠷᠤᠮᠵᠢᠭᠤᠯᠵᠤ ᠂ ᠬᠠᠤᠯᠢ ᠴᠠᠭᠠᠵᠠ ᠬᠠᠤᠯᠢ ᠲᠣᠭᠲᠠᠭᠠᠯ ᠢ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠣᠯᠭᠠᠭᠰᠠᠨ ᠪᠠᠶᠢᠳᠠᠯ ᠢ ᠦᠨᠳᠦᠰᠦᠯᠡᠨ ᠲᠠᠰᠤᠯᠤᠯᠲᠠ ᠶᠢᠨ ᠬᠡᠪᠴᠢᠶ᠎ᠡ ᠂ ᠲᠦᠷᠦᠯ ᠵᠦᠢᠯ ᠂ ᠬᠡᠮᠵᠢᠶ᠎ᠡ ᠵᠡᠷᠭᠡ ᠶᠢ ᠬᠥᠳᠡᠯᠦᠩᠭᠦᠢ ᠪᠠᠷ ᠲᠣᠬᠢᠷᠠᠭᠤᠯᠵᠤ᠂ ᠨᠡᠶᠢᠭᠡᠮ ᠳᠤ ᠨᠡᠶᠢᠲᠡᠯᠡᠨ᠎ᠡ ᠃    26. ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠬᠠᠤᠯᠢ︾᠎ ᠶᠢᠨ ᠰᠤᠷᠤᠯᠴᠠᠯᠭ᠎ᠠ ᠤᠬᠠᠭᠤᠯᠭ᠎ᠠ ᠶᠢ ᠥᠷᠨᠢᠭᠦᠯᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠬᠠᠤᠯᠢ︾᠎ ᠶᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠯᠪᠠᠰᠤᠷᠠᠭᠤᠯᠤᠯ ᠤᠨ ᠠᠭᠤᠯᠭ᠎ᠠ ᠳᠤ ᠣᠷᠤᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠪᠠ ᠬᠢᠷᠢ ᠬᠡᠮ ᠤᠨ ᠬᠠᠮᠢᠶᠠᠷᠤᠯᠲᠠ ᠶᠢᠨ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠬᠡᠮ ᠤᠨ ᠬᠠᠮᠢᠶᠠᠷᠤᠯᠲᠠ ᠶᠢ ᠨᠢᠭᠡᠲᠥᠯᠵᠢᠭᠦᠯᠥᠨ᠎ᠡ᠃    ︵ᠠᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠦᠨ᠎ᠡ    27. ᠵᠠᠬ᠎ᠠ ᠳᠡᠯᠭᠡᠭᠦᠷ ᠤᠨ ᠭᠤᠣᠯ ᠴᠣᠭᠴᠠ ᠳᠤ ᠬᠤᠯᠪᠣᠭᠳᠠᠬᠤ ᠬᠠᠤᠯᠢ ᠠᠴᠠ ᠵᠥᠷᠢᠴᠡᠭᠰᠡᠨ ᠬᠥᠩᠭᠡᠨ ᠦᠶᠯᠡ ᠠᠵᠢᠯᠯᠠᠭ᠎ᠠ ᠶᠢ ᠥᠯᠥ ᠰᠢᠳᠬᠡᠨ ᠲᠣᠷᠭᠠᠬᠤ ᠨᠠᠷᠢᠨ ᠬᠠᠭᠤᠳᠠᠰᠤ ᠶᠢᠨ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠥᠯᠥ ᠰᠢᠳᠬᠡᠨ ᠲᠣᠷᠭᠠᠭᠰᠠᠳ ᠲᠤ ᠰᠢᠭᠦᠮᠵᠢᠯᠡᠨ ᠰᠤᠷᠭᠠᠬᠤ᠂ ᠵᠢᠭᠠᠨ ᠵᠢᠯᠤᠭᠤᠳᠴᠤ ᠪᠣᠯᠵᠣᠨ ᠶᠠᠷᠢᠯᠴᠠᠬᠤ ᠵᠡᠷᠭᠡ ᠠᠷᠭ᠎ᠠ ᠬᠡᠮᠵᠢᠶ᠎ᠡ ᠠᠪᠴᠤ᠂ ᠡᠵᠡᠩᠨᠡᠭᠴᠢᠳ ᠤᠨ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠡᠵᠡᠩᠨᠡᠯᠲᠡ ᠥᠷᠨᠢᠭᠦᠯᠬᠦ ᠶᠢ ᠠᠬᠢᠭᠤᠯᠵᠤ᠂ ᠡᠶ᠎ᠡ ᠡᠪᠯᠢᠭ ᠬᠠᠤᠯᠢ ᠬᠡᠷᠡᠭᠵᠢᠭᠦᠯᠬᠦ ᠶᠢ ᠬᠡᠷᠡᠭᠵᠢᠭᠦᠯᠦᠨ᠎ᠡ᠃    ᠲᠠᠪᠤ ᠂ ᠭᠡᠨᠡᠳᠲᠡ ᠶᠢᠨ ᠬᠡᠷᠡᠭ ᠢ ᠠᠷᠭᠠᠴᠠᠬᠤ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ    ︵ ᠠᠷᠪᠠᠨ ᠨᠢᠭᠡ ︶ ᠭᠡᠨᠡᠳᠲᠡ ᠶᠢᠨ ᠬᠡᠷᠡᠭ ᠢ ᠠᠷᠭᠠᠴᠠᠬᠤ ᠳᠦᠷᠢᠮ ᠢ ᠲᠡᠭᠦᠯᠳᠡᠷᠵᠢᠭᠦᠯᠦᠨ᠎ᠡ    28. ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ ︾᠎ ᠶᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠠᠮᠢᠶ᠎ᠠ ᠪᠦᠬᠦᠢ ᠬᠠᠤᠯᠢ ᠲᠣᠭᠲᠠᠭᠠᠯ ᠳᠦᠷᠢᠮ ᠢ ᠰᠢᠰᠲ᠋ᠧᠮ ᠲᠠᠢ ᠡᠮᠬᠢᠯᠡᠨ ᠳᠢᠭᠯᠡᠬᠦ ᠪᠠ ᠵᠠᠰᠠᠪᠤᠷᠢ ᠣᠷᠣᠭᠤᠯᠵᠤ᠂ ᠭᠡᠨᠡᠳᠲᠡ ᠶᠢᠨ ᠬᠡᠷᠡᠭ ᠢ ᠠᠷᠭᠠᠴᠠᠬᠤ ᠶᠢ ᠬᠠᠤᠯᠢᠵᠢᠭᠤᠯᠤᠨ ᠵᠢᠷᠤᠮᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠡᠨᠡᠳᠲᠡ ᠡᠭᠦᠰᠬᠦ ᠤᠯᠠᠨ ᠨᠡᠶᠢᠲᠡ ᠶᠢᠨ ᠬᠡᠷᠡᠭ ᠤᠨ ᠶᠡᠷᠦᠩᠬᠡᠢ ᠴᠣᠭᠴᠠ ᠪᠠ ᠪᠠᠴᠢᠮ ᠪᠠᠶᠢᠳᠠᠯ ᠢ ᠠᠷᠭᠠᠴᠠᠬᠤ ᠲᠤᠰᠬᠠᠢ ᠲᠥᠰᠥᠯ ᠢ ᠲᠡᠭᠦᠯᠳᠡᠷᠵᠢᠭᠦᠯᠦᠨ᠎ᠡ ᠃ ᠭᠡᠨᠡᠳᠲᠡ ᠶᠢᠨ ᠬᠡᠷᠡᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠮᠡᠳᠡᠭᠡ ᠵᠠᠩᠭᠢ ᠶᠢ ᠮᠡᠳᠡᠭᠦᠯᠬᠦ ᠂  ᠪᠠᠴᠢᠮ ᠪᠠᠶᠢᠳᠠᠯ ᠢ ᠠᠷᠭᠠᠴᠠᠬᠤ ᠳᠤ ᠴᠤᠤᠷᠢᠶᠠᠲᠤᠨ ᠲᠠᠭᠠᠬᠤ ᠂ ᠰᠡᠷᠭᠦᠭᠡᠨ ᠲᠠᠬᠢᠨ ᠪᠠᠶᠢᠭᠤᠯᠬᠤ ᠂ ᠪᠠᠶᠢᠴᠠᠭᠠᠵᠤ ᠦᠨᠡᠯᠡᠨ ᠵᠢᠱᠢᠬᠦ ᠵᠡᠷᠭᠡ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠨ᠎ᠠ ᠃ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢ ᠨᠥᠭᠡᠴᠡᠯᠡᠬᠦ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠴᠢᠬᠤᠯᠠ ᠡᠳ᠋ ᠪᠠᠷᠠᠭ᠎ᠠ ᠶᠢ ᠬᠢᠨᠠᠨ ᠬᠠᠮᠢᠶᠠᠷᠬᠤ᠂ ᠦᠢᠯᠡᠳᠪᠦᠷᠢᠯᠡᠬᠦ᠂ ᠨᠥᠭᠡᠴᠡᠯᠡᠬᠦ᠂ ᠲᠣᠬᠢᠷᠠᠭᠤᠯᠬᠤ ᠪᠠ ᠪᠠᠴᠢᠮ ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃    ︵ᠠᠷᠪᠠᠨ ᠬᠤᠶᠠᠷ︶ ᠭᠡᠨᠡᠳᠲᠡ ᠶᠢᠨ ᠬᠡᠷᠡᠭ ᠢ ᠬᠠᠤᠯᠢ ᠶᠣᠰᠣᠭᠠᠷ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ    29. ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠡᠯ᠎ᠡ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠶᠢᠨ ᠲᠣᠰ ᠬᠦᠷᠢᠶ᠎ᠡ ᠴᠠᠷᠠᠭ᠎ᠠ ᠲᠣᠰ ᠭᠠᠵᠠᠷ ᠣᠷᠣᠨ ᠤ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠠᠷᠢᠭᠤᠴᠠᠯᠭ᠎ᠠ ᠶᠢ ᠴᠢᠩᠭᠠᠷᠠᠭᠤᠯᠤᠨ᠎ᠠ ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠲᠦᠷᠭᠡᠳᠬᠡᠨ ᠭᠦᠨᠵᠡᠭᠡᠶᠢᠷᠡᠭᠦᠯᠦᠨ᠎ᠡ ᠃ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠰᠢᠢᠳᠪᠦᠷᠢᠯᠡᠬᠦ ᠲᠠᠰ ᠳᠠᠷᠠᠭᠠᠯᠠᠯ ᠪᠠ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠬᠠᠤᠯᠢ ᠶᠣᠰᠣᠭᠠᠷ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠭᠡᠶᠢᠯᠡᠬᠦ᠂ ᠤᠷᠢᠳᠴᠢᠯᠠᠨ ᠰᠢᠢᠳᠪᠦᠷᠢᠯᠡᠬᠦ ᠪᠠ ᠲᠦᠷᠭᠡᠨ ᠲᠤᠰᠬᠠᠬᠤ ᠴᠢᠳᠠᠪᠤᠷᠢ ᠶᠢ ᠳᠡᠭᠡᠭᠰᠢᠯᠡᠭᠦᠯᠬᠦ ᠶᠢ ᠴᠢᠬᠤᠯᠠᠴᠢᠯᠠᠨ᠎ᠠ᠃ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠠᠤᠯᠢ ᠴᠠᠭᠠᠵᠠ ᠬᠠᠤᠯᠢ ᠲᠣᠭᠲᠠᠭᠠᠯ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ᠂ ᠬᠥᠮᠦᠵᠢᠯ ᠪᠣᠯᠪᠠᠰᠤᠷᠠᠭᠤᠯᠤᠯ ᠪᠠ ᠪᠠᠴᠢᠮ ᠪᠠᠶᠢᠳᠠᠯ ᠢ ᠠᠷᠭᠠᠴᠠᠬᠤ ᠮᠡᠳᠡᠯᠭᠡ ᠶᠢᠨ ᠲᠦᠭᠡᠮᠡᠯᠵᠢᠭᠦᠯᠦᠯᠲᠡ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠠᠤᠯᠢ ᠪᠠᠷ ᠵᠠᠰᠠᠬᠤ ᠦᠵᠡᠯ ᠤᠬᠠᠮᠰᠠᠷ ᠢ ᠴᠢᠩᠭᠠᠷᠠᠭᠤᠯᠤᠨ᠂ ᠢᠳᠡᠪᠬᠢᠲᠡᠢ ᠪᠥᠭᠡᠳ ᠡᠷᠡᠭᠦᠯ ᠢᠶᠠᠷ ᠬᠢᠮᠤᠷᠠᠯ ᠢ ᠠᠷᠭᠠᠴᠠᠬᠤ ᠨᠡᠶᠢᠭᠡᠮ ᠤᠨ ᠰᠡᠳᠬᠢᠴᠡ ᠶᠢᠨ ᠪᠠᠶᠢᠳᠠᠯ ᠢ ᠪᠣᠶᠢᠵᠢᠭᠤᠯᠤᠨ᠎ᠠ᠃    ︵ ᠠᠷᠪᠠᠨ ᠭᠤᠷᠪᠠ ︶ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠬᠦᠴᠦᠨ ᠤ ᠭᠡᠨᠡᠳᠲᠡ ᠶᠢᠨ ᠬᠡᠷᠡᠭ ᠢ ᠠᠷᠭᠠᠴᠠᠬᠤ ᠳᠤ ᠣᠷᠣᠯᠴᠠᠬᠤ ᠶᠢ ᠬᠥᠲᠥᠯᠥᠨ ᠵᠢᠯᠤᠭᠤᠳᠴᠤ ᠵᠢᠷᠤᠮᠵᠢᠭᠤᠯᠤᠨ᠎ᠠ    30. ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶᠎ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠲᠣᠰᠬᠤᠨ ︵ᠨᠡᠶᠢᠭᠡᠮ ᠲᠣᠭᠤᠷᠢᠭ︶᠎ ᠤ ᠬᠠᠤᠯᠢ ᠶᠣᠰᠣᠭᠠᠷ ᠭᠡᠨᠡᠳᠲᠡ ᠶᠢᠨ ᠬᠡᠷᠡᠭ ᠢ ᠰᠡᠷᠭᠡᠶᠢᠯᠡᠬᠦ ᠪᠠ ᠠᠷᠭᠠᠴᠠᠬᠤ ᠳᠤ ᠣᠷᠣᠯᠴᠠᠬᠤ ᠶᠢ ᠠᠬᠢᠭᠤᠯᠤᠨ᠎ᠠ᠃    ᠵᠢᠷᠭᠤᠭ᠎ᠠ ᠂ ᠨᠡᠶᠢᠭᠡᠮ ᠤᠨ ᠵᠥᠷᠢᠴᠡᠯ ᠵᠠᠭᠤᠷᠠᠯᠳᠤᠭᠠᠨ ᠤ ᠵᠠᠰᠠᠭ ᠵᠠᠬᠢᠷᠭᠠᠨ ᠤ ᠤᠷᠢᠳᠴᠢᠯᠠᠨ ᠰᠡᠷᠭᠡᠶᠢᠯᠡᠬᠦ ᠡᠶᠡᠳᠡᠭᠦᠯᠦᠨ ᠰᠢᠢᠳᠪᠦᠷᠢᠯᠡᠬᠦ ᠰᠢᠢᠳᠪᠦᠷᠢᠯᠡᠬᠦ ᠰᠢᠰᠲ᠋ᠧᠮ ᠢ ᠪᠦᠷᠢᠨᠰᠢᠭᠦᠯᠦᠨ᠎ᠡ    ︵ᠠᠷᠪᠠᠨ ᠳᠥᠷᠪᠡ︶ ᠵᠠᠰᠠᠭ ᠵᠠᠬᠢᠷᠭᠠᠨ ᠤ ᠡᠶᠡᠳᠡᠭᠦᠯᠬᠦ ᠠᠵᠢᠯ ᠢ ᠴᠢᠩᠭᠠᠳᠬᠠᠨ᠎ᠠ    31. ᠵᠠᠰᠠᠭ ᠵᠠᠬᠢᠷᠭᠠᠨ ᠤ ᠡᠶᠡᠳᠡᠭᠦᠯᠬᠦ ᠳᠦᠷᠢᠮ ᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠡᠶᠡᠳᠡᠭᠦᠯᠬᠦ ᠵᠣᠬᠢᠶᠠᠨ ᠪᠠᠶᠢᠭᠤᠯᠤᠯᠲᠠ ᠪᠠ ᠡᠩᠨᠡᠭᠡᠨ ᠤ ᠪᠠᠶᠢᠭᠤᠯᠤᠯᠲᠠ  ᠶᠢ ᠴᠢᠩᠭᠠᠳᠬᠠᠵᠤ᠂ ᠵᠠᠰᠠᠭ ᠵᠠᠬᠢᠷᠭᠠᠨ ᠤ ᠡᠶᠡᠳᠡᠭᠦᠯᠬᠦ ᠲᠠᠰ ᠳᠠᠷᠠᠭᠠᠯᠠᠯ ᠢ ᠵᠢᠷᠤᠮᠵᠢᠭᠤᠯᠵᠤ᠂ ᠵᠠᠰᠠᠭ ᠵᠠᠬᠢᠷᠭᠠᠨ ᠤ ᠡᠶᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠡᠬᠢ ᠪᠠᠶᠠᠯᠢᠭ ᠤᠨ ᠨᠡᠭᠡᠭᠡᠯᠲᠡ᠂ ᠣᠷᠴᠢᠨ ᠲᠣᠭᠤᠷᠢᠨ ᠤ ᠪᠣᠬᠢᠷᠲᠤᠯ᠂ ᠣᠯᠠᠨ ᠨᠡᠶᠢᠲᠡ ᠶᠢᠨ ᠠᠮᠤᠷ ᠲᠦᠪᠰᠢᠨ ᠤ ᠠᠳᠡᠯ᠂ ᠬᠡᠷᠡᠭᠯᠡᠭᠴᠢᠳ ᠤᠨ ᠡᠷᠬᠡ ᠠᠰᠢᠭ ᠤᠨ ᠬᠠᠮᠠᠭᠠᠯᠠᠯᠲᠠ᠂ ᠵᠠᠮ ᠬᠠᠷᠢᠯᠴᠠᠭᠠᠨ ᠤ ᠬᠤᠬᠢᠷᠠᠯ ᠤᠨ ᠲᠥᠯᠥᠪᠦᠷᠢ᠂ ᠠᠮᠤᠷ ᠢ ᠬᠠᠮᠠᠭᠠᠯᠠᠬᠤ ᠬᠠᠮᠢᠶᠠᠷᠤᠯᠲᠠ᠂ ᠨᠡᠶᠢᠭᠡᠮ ᠤᠨ ᠪᠠᠲᠤᠯᠠᠭ᠎ᠠ᠂ ᠭᠡᠷ ᠪᠠᠶᠢᠰᠢᠩ ᠭᠠᠵᠠᠷ ᠰᠢᠷᠣᠢ ᠲᠠᠲᠠᠪᠤᠷᠢᠯᠠᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠵᠡᠷᠭᠡ ᠲᠠᠯ᠎ᠠ ᠳᠤ ᠬᠤᠯᠪᠣᠭᠳᠠᠬᠤ ᠵᠠᠰᠠᠭ ᠵᠠᠬᠢᠷᠭᠠᠨ ᠤ ᠡᠶᠡᠳᠡᠭᠦᠯᠭᠡ ᠶᠢ ᠬᠠᠤᠯᠢ ᠶᠣᠰᠣᠭᠠᠷ ᠭᠤᠣᠯᠳᠠᠯᠭ᠎ᠠ ᠲᠠᠢ ᠰᠠᠶᠢᠲᠤᠷ ᠬᠢᠨ᠎ᠡ᠃    32. ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠮᠠᠷᠭᠤᠯᠳᠤᠭᠠᠨ ᠪᠠ ᠢᠷᠭᠡᠨ ᠤ ᠬᠡᠷᠡᠭ ᠤᠨ ᠵᠢᠭᠤᠷᠠᠯᠳᠤᠭᠠᠨ ᠢ ᠤᠷᠢᠳᠴᠢᠯᠠᠨ ᠰᠡᠷᠭᠡᠶᠢᠯᠡᠬᠦ ᠪᠠ ᠰᠢᠢᠳᠪᠦᠷᠢᠯᠡᠬᠦ ᠳᠤᠮᠳᠠᠬᠢ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠵᠠᠰᠠᠭ ᠵᠠᠬᠢᠷᠭᠠᠨ ᠤ ᠡᠶᠡᠳᠡᠭᠦᠯᠭᠡ ᠬᠢᠭᠡᠳ ᠠᠷᠠᠳ ᠤᠨ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠶᠢ ᠣᠷᠭᠠᠨᠢᠭ ᠢᠶᠠᠷ ᠵᠣᠯᠭᠠᠭᠤᠯᠬᠤ ᠲᠣᠭᠲᠠᠴᠠ ᠶᠢ ᠵᠢᠷᠤᠮᠵᠢᠭᠤᠯᠵᠤ ᠂ ︽ ᠭᠤᠷᠪᠠᠨ ᠡᠶᠡᠳᠡᠭᠦᠯᠭᠡ ᠶᠢ ᠬᠤᠯᠪᠣᠯᠳᠤᠭᠤᠯᠬᠤ ︾ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠦᠢᠯᠡᠳᠦᠯ ᠢ ᠪᠠᠳᠠᠷᠠᠭᠤᠯᠤᠨ᠎ᠠ ᠃ ᠵᠥᠷᠢᠴᠡᠯ ᠵᠢᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠲᠥᠪ ᠢ ᠪᠠᠶᠢᠭᠤᠯᠵᠤ ᠂ ᠵᠢᠭᠤᠷᠠᠯᠳᠤᠭᠠᠨ ᠢ ᠰᠢᠢᠳᠪᠦᠷᠢᠯᠡᠬᠦ ︽ᠨᠢᠭᠡ ᠯᠡ ᠥᠷᠲᠡᠭᠡᠨ ᠤ ᠮᠠᠶ᠋ᠢᠭ︾᠎ ᠤᠨ ᠦᠢᠯᠡᠴᠢᠯᠡᠭᠡ ᠶᠢ ᠬᠠᠩᠭᠠᠨ᠎ᠠ ᠃    ︵ᠠᠷᠪᠠᠨ ᠲᠠᠪᠤ︶ ᠵᠠᠰᠠᠭ ᠵᠠᠬᠢᠷᠭᠠᠨ ᠤ ᠳᠠᠬᠢᠨ ᠵᠥᠪᠯᠡᠵᠦ ᠵᠠᠰᠠᠭ ᠵᠠᠬᠢᠷᠭᠠᠨ ᠤ ᠮᠠᠷᠭᠤᠯᠳᠤᠭᠠᠨ ᠢ ᠠᠷᠢᠯᠭᠠᠬᠤ ᠭᠤᠣᠯ ᠠᠷᠭ᠎ᠠ ᠵᠠᠮ ᠤᠨ ᠦᠢᠯᠡᠳᠦᠯ ᠢ ᠪᠠᠳᠠᠷᠠᠭᠤᠯᠤᠨ᠎ᠠ    ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯᠲᠠᠨ ᠢ ᠪᠦᠷᠢᠨ ᠭᠦᠢᠴᠡᠳ ᠴᠢᠩᠭ᠎ᠠ ᠲᠣᠬᠢᠷᠠᠭᠤᠯᠵᠤ᠂ ᠲᠤᠰᠬᠠᠢ ᠲᠤᠰᠢᠶᠠᠯᠲᠤ ᠠᠵᠢᠯᠲᠠᠨ ᠢ 3 ᠬᠥᠮᠥᠨ ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠭᠠᠵᠠᠷ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠯᠪᠠᠨ ᠭᠡᠷ᠂ ᠭᠥᠯᠢᠶᠡᠨ ᠠᠪᠬᠤ ᠭᠡᠷ᠂ ᠭᠡᠷᠡᠴᠢᠯᠡᠭᠡ ᠰᠣᠨᠣᠰᠬᠤ ᠭᠡᠷ᠂ ᠲᠠᠩᠰᠠ ᠡᠪᠬᠡᠮᠡᠯ ᠤᠨ ᠭᠡᠷ ︽ᠳᠥᠷᠪᠡᠨ ᠥᠷᠥᠭᠡ︾᠎ ᠶᠢ ᠰᠠᠯᠭᠠᠬᠤ ᠶᠢ ᠪᠡᠶᠡᠯᠡᠭᠦᠯᠦᠨ᠎ᠡ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠲᠤᠰᠬᠠᠢ ᠵᠦᠢᠯ ᠤᠨ ᠵᠠᠷᠤᠳᠠᠯ ᠢ ᠬᠠᠤᠯᠢ ᠶᠣᠰᠣᠭᠠᠷ ᠪᠠᠲᠤᠯᠠᠨ᠎ᠠ᠃ ᠲᠣᠭᠤᠷᠢᠭ ᠤᠨ ᠵᠠᠰᠠᠭ ᠤᠨ ᠣᠷᠳᠣᠨ ᠨᠢ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠯᠠᠪᠯᠠᠯᠭ᠎ᠠ ᠶᠢᠨ ᠺᠣᠮᠢᠰ ᠢ ᠪᠠᠶᠢᠭᠤᠯᠵᠤ᠂ ᠴᠢᠬᠤᠯᠠ ᠶᠡᠭᠡ᠂ ᠬᠦᠴᠢᠷ ᠲᠦᠪᠡᠭᠲᠡᠢ᠂ ᠪᠤᠳᠤᠯᠢᠶᠠᠨᠲᠠᠢ ᠬᠡᠷᠡᠭ ᠲᠤ ᠯᠠᠪᠯᠠᠯᠭ᠎ᠠ ᠶᠢᠨ ᠰᠠᠨᠠᠯ ᠬᠠᠩᠭᠠᠨ᠎ᠠ᠃    ︵ ᠠᠷᠪᠠᠨ ᠵᠢᠷᠭᠤᠭ᠎ᠠ ︶ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠴᠢᠩᠭᠠᠳᠬᠠᠨ ᠵᠢᠷᠤᠮᠵᠢᠭᠤᠯᠤᠨ᠎ᠠ    34. ᠡᠯ᠎ᠡ ᠱᠠᠲᠤᠨ ᠤ ᠵᠠᠰᠠᠭ ᠤᠨ ᠣᠷᠳᠣᠨ᠂ ᠡᠯ᠎ᠡ ᠰᠠᠯᠠᠭ᠎ᠠ ᠮᠥᠴᠢᠷ ᠤᠳ ᠠᠷᠠᠳ ᠤᠨ ᠰᠢᠭᠦᠬᠦ ᠬᠤᠷᠢᠶ᠎ᠠ ᠶᠢᠨ ᠬᠠᠤᠯᠢ ᠶᠣᠰᠣᠭᠠᠷ ᠵᠠᠰᠠᠭ ᠵᠠᠬᠢᠷᠭᠠᠨ ᠤ ᠬᠡᠷᠡᠭ ᠢ ᠭᠥᠯᠢᠶᠡᠨ ᠠᠪᠴᠤ ᠰᠢᠢᠳᠪᠦᠷᠢᠯᠡᠬᠦ ᠪᠠ ᠰᠢᠭᠦᠨ ᠰᠢᠢᠳᠪᠦᠷᠢᠯᠡᠬᠦ ᠶᠢ ᠳᠡᠮᠵᠢᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠪᠥᠬᠦ ᠲᠣᠭᠤᠷᠢᠭ ᠤᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠭᠰᠡᠨ ᠨᠣᠷᠮ᠎ᠠ ᠶᠢ 95%᠎ ᠠᠴᠠ ᠳᠣᠣᠷ᠎ᠠ ᠪᠠᠶᠢᠯᠭᠠᠬᠤ ᠦᠭᠡᠢ ᠪᠠᠶᠢᠵᠤ᠂ ᠬᠦᠴᠦᠨ ᠲᠠᠢ ᠲᠠᠰᠤᠯᠤᠯᠲᠠ ᠶᠢ ᠬᠡᠷᠡᠭᠵᠢᠭᠦᠯᠬᠦ ᠬᠡᠷᠡᠭᠲᠡᠢ᠃ ᠠᠷᠠᠳ ᠤᠨ ᠪᠠᠶᠢᠴᠠᠭᠠᠬᠤ ᠬᠤᠷᠢᠶ᠎ᠠ ᠶᠢᠨ ᠵᠠᠰᠠᠭ ᠵᠠᠬᠢᠷᠭᠠᠨ ᠤ ᠵᠠᠷᠭᠤ ᠳᠤ ᠬᠢᠨᠠᠯᠲᠠ ᠲᠠᠯᠪᠢᠬᠤ ᠪᠠ ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠬᠢᠬᠦ ᠶᠢ ᠳᠡᠮᠵᠢᠨ ᠬᠠᠮᠵᠢᠯᠴᠠᠵᠤ ᠂ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠭᠦᠢᠴᠡᠳᠬᠡᠵᠦ  ᠬᠠᠥᠯᠢ ᠶᠢ ᠵᠥᠷᠢᠴᠡᠭᠰᠡᠨ ᠠᠵᠢᠯᠯᠠᠭ᠎ᠠ ᠶᠢ ᠵᠠᠯᠠᠷᠠᠭᠤᠯᠤᠨ᠎ᠠ᠃    ᠲᠤᠯᠤᠭ᠎ᠠ ᠂ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠬᠤ ᠪᠠ ᠲᠡᠭᠦᠨ ᠳᠤ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠦᠨ᠎ᠡ    ︵ᠠᠷᠪᠠᠨ ᠳᠣᠯᠤᠭ᠎ᠠ︶ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ    ᠨᠠᠮ ᠤᠨ ᠳᠣᠲᠣᠭᠠᠳᠤ ᠶᠢᠨ ᠬᠢᠨᠠᠯᠲᠠ ᠬᠢᠭᠡᠳ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠠᠷᠠᠳᠴᠢᠯᠠᠭᠰᠠᠨ ᠬᠢᠨᠠᠯᠲᠠ ᠂ ᠵᠠᠰᠠᠭ ᠵᠠᠬᠢᠷᠭᠠᠨ ᠤ ᠬᠢᠨᠠᠯᠲᠠ ᠂ ᠬᠢᠨᠠᠨ ᠪᠠᠶᠢᠴᠠᠭᠠᠬᠤ ᠬᠢᠨᠠᠯᠲᠠ ᠂ ᠬᠠᠤᠯᠢ ᠪᠠᠷᠢᠬᠤ ᠬᠢᠨᠠᠯᠲᠠ ᠂ ᠤᠯᠠᠨ ᠲᠦᠮᠡᠨ ᠤ ᠬᠢᠨᠠᠯᠲᠠ ᠂ ᠵᠠᠬᠢᠳᠠᠯ ᠰᠣᠷᠪᠤᠯᠵᠢᠯᠠᠭ᠎ᠠ ᠶᠢᠨ ᠬᠢᠨᠠᠯᠲᠠ ᠂ ᠶᠠᠷᠢᠶ᠎ᠠ ᠬᠡᠯᠡᠯᠴᠡᠭᠡᠨ ᠤ ᠬᠢᠨᠠᠯᠲᠠ ᠵᠡᠷᠭᠡ ᠡᠯ᠎ᠡ ᠲᠦᠷᠦᠯ ᠤᠨ ᠬᠢᠨᠠᠯᠲᠠ ᠶᠢᠨ ᠣᠷᠭᠠᠨᠢᠭ ᠢᠶᠠᠷ ᠨᠡᠪᠲᠡᠷᠡᠯᠴᠡᠬᠦ ᠂ ᠬᠠᠷᠢᠯᠴᠠᠨ ᠵᠣᠬᠢᠴᠠᠯᠳᠤᠬᠤ ᠶᠢ ᠲᠦᠯᠬᠢᠨ ᠠᠬᠢᠭᠤᠯᠵᠤ ᠂ ᠨᠡᠶᠢᠯᠡᠮᠡᠯ ᠬᠦᠴᠦᠨ ᠢ ᠪᠦᠷᠢᠯᠳᠦᠭᠦᠯᠦᠨ ᠂ ᠬᠢᠨᠠᠯᠲᠠ ᠲᠠᠯᠪᠢᠬᠤ ᠪᠦᠬᠦᠯᠢ ᠴᠣᠭᠴᠠ ᠶᠢᠨ ᠦᠢᠯᠡᠳᠦᠯ ᠴᠢᠳᠠᠪᠤᠷᠢ ᠶᠢ ᠴᠢᠩᠭᠠᠷᠠᠭᠤᠯᠤᠨ᠎ᠠ ᠃ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠂ ᠡᠳ᠋ ᠤᠨ ᠶᠠᠪᠤᠳᠠᠯ ᠨᠢᠭᠲᠠᠯᠠᠨ ᠪᠣᠳᠣᠯᠲᠠ ᠶᠢᠨ ᠬᠢᠨᠠᠯᠲᠠ ᠲᠠᠯᠪᠢᠬᠤ ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ ᠂ ᠵᠠᠰᠠᠭ ᠵᠠᠬᠢᠷᠭᠠᠨ ᠤ ᠲᠠᠬᠢᠨ ᠵᠥᠪᠯᠡᠬᠦ ᠵᠡᠷᠭᠡ ᠲᠠᠯ᠎ᠠ ᠶᠢᠨ ᠬᠢᠨᠠᠯᠲᠠ ᠲᠠᠯᠪᠢᠬᠤ ᠦᠢᠯᠡᠳᠦᠯ ᠢ ᠢᠳᠡᠪᠬᠢᠲᠡᠢ ᠪᠠᠷ ᠪᠠᠳᠠᠷᠠᠭᠤᠯᠤᠨ᠎ᠠ ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠠ ᠬᠠᠤᠯᠢ ᠪᠠᠷᠢᠬᠤ ᠪᠠᠶᠢᠭᠤᠯᠭ᠎ᠠ ᠶᠢᠨ ᠬᠢᠨᠠᠯᠲᠠ ᠶᠢ ᠴᠢᠩᠭᠠᠳᠬᠠᠵᠤ ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠯᠪᠠᠨ ᠲᠤᠰᠢᠶᠠᠯᠲᠠᠨ ᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠠᠴᠠ ᠬᠠᠤᠯᠢ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ ᠂ ᠬᠠᠤᠯᠢ ᠲᠣᠭᠲᠠᠭᠠᠯ ᠶᠣᠰᠣᠭᠠᠷ ᠰᠢᠳᠬᠡᠯ ᠥᠭᠭᠦᠨ᠎ᠡ ᠃    ︵ᠠᠷᠪᠠᠨ ᠨᠠᠢᠮᠠ︶ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠠᠵᠢᠯ ᠢ ᠴᠢᠩᠭᠠᠳᠬᠠᠨ ᠵᠢᠷᠤᠮᠵᠢᠭᠤᠯᠬᠤ ᠬᠡᠷᠡᠭᠲᠡᠢ    ᠲᠣᠭᠤᠷᠢᠭ ᠤᠨ ᠵᠠᠰᠠᠭ ᠤᠨ ᠣᠷᠳᠣᠨ ᠰᠢᠮᠳᠠᠭᠤᠯᠤᠨ ᠪᠠᠶᠢᠴᠠᠭᠠᠬᠤ ᠠᠵᠢᠯ ᠢ ᠬᠠᠤᠯᠢ ᠶᠣᠰᠣᠭᠠᠷ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠳᠡᠭᠡᠳᠦ ᠱᠠᠲᠤ ᠪᠠ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠰᠢᠮᠳᠠᠭᠤᠯᠤᠨ ᠪᠠᠶᠢᠴᠠᠭᠠᠭᠳᠠᠬᠤ ᠡᠲᠡᠭᠡᠳ ᠤᠨ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠭᠰᠡᠨ ᠪᠠᠶᠢᠳᠠᠯ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠶ᠎ᠠ ᠰᠠᠯᠠᠭ᠎ᠠ ᠮᠥᠴᠢᠷ ᠪᠠ ᠳᠣᠣᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠬᠦᠴᠦᠨ ᠴᠢᠳᠠᠪᠤᠷᠢ ᠳᠤ ᠭᠤᠣᠯᠳᠠᠯᠭ᠎ᠠ ᠲᠠᠢ ᠪᠠᠷ ᠬᠢᠨᠠᠯᠲᠠ ᠲᠠᠯᠪᠢᠨ᠎ᠠ᠃    ︵ ᠠᠷᠪᠠ ᠶᠢᠰᠦ ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠬᠢᠵᠠᠭᠠᠷᠯᠠᠬᠤ ᠪᠠ ᠲᠡᠭᠦᠨ ᠳᠤ ᠬᠢᠨᠠᠯᠲᠠ ᠲᠠᠯᠪᠢᠬᠤ ᠶᠢ ᠴᠢᠩᠭᠠᠳᠬᠠᠨ᠎ᠠ    37. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ︾᠎ ᠢ ᠴᠢᠩᠭ᠎ᠠ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ ᠤᠨ ᠬᠠᠮᠢᠶᠠᠷᠤᠯᠲᠠ ᠪᠠ ᠦᠨᠡᠯᠡᠨ ᠪᠠᠶᠢᠴᠠᠭᠠᠬᠤ ᠶᠢ ᠴᠢᠩᠭᠠᠳᠬᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠰᠢᠯᠭᠠᠨ ᠬᠢᠨᠠᠵᠤ ᠦᠨᠡᠯᠡᠬᠦ ᠳᠦᠷᠢᠮ ᠢ ᠨᠠᠶᠢᠳᠠᠪᠤᠷᠢᠵᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠭᠴᠢ ᠶᠢᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠬᠠᠮᠢᠶᠠᠷᠤᠯᠲᠠ ᠶᠢᠨ ᠠᠷᠭ᠎ᠠ︾᠎ ᠶᠢ ᠨᠠᠶᠢᠳᠠᠪᠤᠷᠢᠵᠢᠭᠤᠯᠤᠨ᠂ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠵᠦᠢ ᠶᠣᠰᠣᠨ ᠤ ᠬᠠᠤᠯᠢ ᠬᠡᠷᠡᠭᠵᠢᠭᠦᠯᠬᠦ ᠡᠷᠬᠡ ᠠᠰᠢᠭ ᠢ ᠬᠠᠮᠠᠭᠠᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ ᠃    ︵ᠬᠤᠷᠢ︶ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠥᠬᠦ ᠲᠠᠯ᠎ᠠ ᠪᠠᠷ ᠢᠳᠡᠪᠬᠢᠲᠠᠢ ᠨᠠᠶᠢᠳᠠᠪᠤᠷᠢᠵᠢᠭᠤᠯᠤᠨ᠎ᠠ    38. ᠢᠯᠡ ᠪᠣᠯᠭᠠᠬᠤ ᠶᠢ ᠳᠦᠷᠢᠮᠵᠢᠭᠦᠯᠬᠦ᠂ ᠪᠠᠷᠢᠮᠵᠢᠶᠠᠵᠢᠭᠤᠯᠬᠤ᠂ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠠᠷᠠᠳ ᠣᠯᠠᠨ ᠤ ᠵᠦᠢ ᠵᠣᠬᠢᠰᠲᠠᠢ ᠮᠡᠳᠡᠭᠡ ᠵᠠᠩᠭᠢ ᠶᠢᠨ ᠬᠡᠷᠡᠭᠴᠡᠭᠡ ᠱᠠᠭᠠᠷᠳᠠᠯᠭ᠎ᠠ ᠶᠢ ᠬᠠᠤᠯᠢ ᠶᠣᠰᠣᠭᠠᠷ ᠪᠠᠲᠤᠯᠠᠨ᠎ᠠ᠃    ︵ᠬᠤᠷᠢᠨ ᠨᠢᠭᠡ︶ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ    39. ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠬᠠᠤᠯᠢ ᠶᠣᠰᠣᠭᠠᠷ ᠭᠠᠷᠭᠠᠭᠰᠠᠨ ᠲᠥᠷᠥ ᠶᠢᠨ ᠪᠣᠳᠣᠯᠭ᠎ᠠ ᠶᠢᠨ ᠠᠮᠠᠯᠠᠯᠲᠠ ᠪᠠ ᠬᠠᠤᠯᠢ ᠶᠣᠰᠣᠭᠠᠷ ᠲᠣᠭᠲᠠᠭᠰᠠᠨ ᠡᠯ᠎ᠡ ᠲᠥᠷᠥᠯ ᠤᠨ ᠭᠡᠷ᠎ᠡ᠂ ᠵᠥᠪᠯᠡᠯᠴᠡᠭᠡᠷ ᠢ ᠬᠢᠨᠠᠮᠠᠭᠠᠢ ᠭᠦᠢᠴᠡᠳᠬᠡᠵᠦ᠂ ᠵᠠᠰᠠᠭ ᠤᠨ ᠣᠷᠳᠣᠨ ᠤ ᠬᠤᠭᠤᠴᠠᠭ᠎ᠠ ᠰᠣᠯᠢᠬᠤ᠂ ᠬᠠᠮᠢᠶ᠎ᠠ ᠪᠦᠬᠦᠢ ᠬᠠᠷᠢᠭᠤᠴᠠᠯᠭᠠᠲᠠᠨ ᠢ ᠰᠣᠯᠢᠬᠤ ᠵᠡᠷᠭᠡ ᠰᠢᠯᠲᠠᠭᠠᠨ ᠢᠶᠠᠷ ᠭᠡᠷ᠎ᠡ ᠠᠴᠠ ᠵᠥᠷᠢᠴᠡᠨ ᠭᠡᠷ᠎ᠡ ᠶᠢ ᠡᠪᠳᠡᠵᠦ ᠪᠣᠯᠬᠤ ᠦᠭᠡᠢ᠃ ︽12345︾ ᠂ ︽12388︾᠎ ᠶᠢᠨ ᠵᠠᠭᠠᠯᠳᠤᠵᠤ ᠢᠯᠡᠴᠢᠯᠡᠨ ᠮᠡᠳᠡᠭᠦᠯᠬᠦ ᠬᠠᠯᠠᠮᠰᠢᠯ ᠤᠲᠠᠰᠤ ᠵᠢᠴᠢ ︽ ᠦᠪᠦᠷ ᠮᠣᠩᠭᠤᠯ ᠤᠨ ᠠᠵᠤ ᠠᠬᠤᠶᠢᠯᠠᠯ ᠤᠨ  ᠨᠡᠪᠲᠡᠷᠡᠯ ︾ ᠵᠡᠷᠭᠡ ᠵᠠᠭᠠᠯᠳᠤᠵᠤ ᠢᠯᠡᠴᠢᠯᠡᠨ ᠮᠡᠳᠡᠭᠦᠯᠬᠦ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠠᠰᠠᠭᠤᠳᠠᠯ ᠤᠨ ᠰᠦᠪᠡᠭᠴᠢ ᠶᠢ ᠣᠯᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠨ᠂ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠠᠵᠢᠯᠯᠠᠭ᠎ᠠ ᠳᠤ ᠬᠢᠨᠠᠯᠲᠠ ᠲᠠᠯᠪᠢᠵᠤ ᠵᠠᠰᠠᠬᠤ ᠡᠷᠴᠢᠮ ᠢ ᠴᠢᠩᠭᠠᠷᠠᠭᠤᠯᠤᠨ᠎ᠠ᠃    ᠨᠠᠢᠮᠠ ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠥᠨ ᠪᠠᠶᠢᠭᠤᠯᠤᠨ᠎ᠠ    ︵ᠬᠤᠷᠢᠨ ᠬᠤᠶᠠᠷ︶ ᠮᠡᠳᠡᠭᠡ ᠵᠠᠩᠭᠢᠵᠢᠯᠲᠠ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ    ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠵᠢᠮᠡᠯ  ᠲᠣᠨᠤᠭ  ᠲᠡᠶᠢᠰᠢ ᠤᠷᠲᠤᠳᠬᠠᠬᠤ ᠶᠢ ᠲᠦᠷᠭᠡᠳᠬᠡᠨ ᠠᠬᠢᠭᠤᠯᠵᠤ᠂ ᠨᠠᠩ ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠠᠯᠠᠭᠠᠨ ᠳᠡᠭᠡᠷ᠎ᠡ ᠪᠠᠨ ᠭᠦᠢᠴᠡᠳᠬᠡᠬᠦ︾᠎ ᠶᠢ ᠪᠡᠶᠡᠯᠡᠭᠦᠯᠦᠨ᠎ᠡ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢᠨ ᠨᠢᠭᠡᠳᠦᠯᠲᠡᠢ ᠲᠥᠯᠦᠪᠵᠢᠭᠦᠯᠭᠡ ᠶᠢ ᠴᠢᠩᠭᠠᠳᠬᠠᠵᠤ ᠂ ᠡᠯ᠎ᠡ ᠲᠦᠷᠦᠯ ᠤᠨ ᠲᠤᠭ᠎ᠠ ᠪᠠᠷᠢᠮᠲᠠ ᠂ ᠰᠦᠯᠵᠢᠶᠡᠨ ᠤ ᠲᠠᠪᠴᠠᠩ ᠢ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠵᠦ ᠂ ᠳᠠᠪᠬᠤᠷᠳᠠᠭᠤᠯᠤᠨ ᠪᠠᠶᠢᠭᠤᠯᠬᠤ ᠶᠢ ᠰᠡᠷᠭᠡᠶᠢᠯᠡᠨ᠎ᠡ ᠃    ︵ᠬᠤᠷᠢᠨ ᠭᠤᠷᠪᠠ︶ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠡᠮᠬᠢ ᠵᠢᠷᠤᠮ ᠲᠠᠢ ᠬᠠᠮᠲᠤᠪᠠᠷ ᠡᠳ᠋ᠯᠡᠬᠦ ᠶᠢ ᠲᠦᠷᠭᠡᠳᠬᠡᠨ ᠠᠬᠢᠭᠤᠯᠤᠨ᠎ᠠ    ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤᠪᠠᠷ ᠭᠥᠷᠳᠡᠬᠦ ᠶᠢ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠩᠭᠠᠬᠤ᠂ ᠬᠡᠷᠡᠭᠯᠡᠬᠦ᠂ ᠬᠠᠮᠢᠶᠠᠷᠬᠤ ᠵᠡᠷᠭᠡ ᠡᠯ᠎ᠡ ᠬᠠᠮᠢᠶ᠎ᠠ ᠪᠦᠬᠦᠢ ᠲᠠᠯ᠎ᠠ ᠶᠢᠨ ᠡᠷᠬᠡ ᠪᠠ ᠬᠠᠷᠢᠭᠤᠴᠠᠯᠭ᠎ᠠ ᠶᠢ ᠲᠣᠳᠣᠷᠬᠠᠶᠢᠯᠠᠨ᠂ ᠳ᠋ᠠᠶᠢᠲ᠋ᠠ ᠶᠢ ᠬᠠᠮᠲᠤᠪᠠᠷ ᠭᠥᠷᠳᠡᠬᠦ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠬᠦ ᠶᠢ ᠴᠢᠩᠭᠠᠳᠬᠠᠵᠤ᠂ ᠥᠨᠳᠥᠷ ᠦᠷ᠎ᠡ ᠪᠦᠲᠦᠮᠵᠢᠲᠡᠶ ᠠᠵᠢᠯᠯᠠᠬᠤ ᠠᠵᠢᠯ ᠤᠨ ᠲᠣᠭᠲᠠᠴᠠ ᠶᠢ ᠪᠦᠷᠢᠯᠳᠦᠭᠦᠯᠦᠨ᠎ᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠣᠶᠤᠨᠴᠢᠯᠠᠭᠰᠠᠨ ᠨᠢᠭᠡ ᠴᠣᠭᠴᠠᠵᠢᠭᠤᠯᠤᠭᠰᠠᠨ ᠲᠠᠪᠴᠠᠩ ᠤᠨ ᠪᠠᠶᠢᠭᠤᠯᠤᠯᠲᠠ ᠵᠢᠴᠢ ᠬᠡᠷᠡᠭᠯᠡᠯᠲᠡ ᠶᠢ ᠴᠢᠩᠭᠠᠳᠬᠠᠵᠤ ᠂ ᠲᠣᠮᠣ ᠳ᠋ᠠᠶᠢᠲ᠋ᠠ ᠶᠢ ᠵᠠᠳᠠᠯᠬᠤ ᠂ ᠠᠭᠤᠳᠠᠯᠬᠤ ᠂ ᠰᠢᠢᠳᠪᠦᠷᠢᠯᠡᠬᠦ ᠪᠠ ᠬᠡᠷᠡᠭᠯᠡᠬᠦ ᠶᠢ ᠴᠢᠩᠭᠠᠳᠬᠠᠨ᠎ᠠ ᠃    ︵ᠬᠤᠷᠢᠨ ᠳᠥᠷᠪᠡ︶ ︽ᠢᠨᠲ᠋ᠧᠷ ᠰᠦᠯᠵᠢᠶ᠎ᠡ +︾᠎ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠭᠦᠨᠵᠡᠭᠡᠢ ᠠᠬᠢᠭᠤᠯᠤᠨ᠎ᠠ    42. ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾᠎ ᠶᠢᠨ ᠰᠢᠰᠲ᠋ᠧᠮ ᠤᠨ ᠬᠡᠷᠡᠭᠯᠡᠯᠲᠡ ᠳᠤ ᠬᠢᠨᠠᠯᠲᠠ ᠲᠠᠯᠪᠢᠬᠤ ᠪᠠ ᠬᠠᠮᠢᠶᠠᠷᠬᠤ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠠᠵᠢᠯᠲᠠᠨ ᠤ ᠬᠥᠮᠥᠷᠭᠡ ᠶᠢ ᠲᠡᠭᠦᠯᠳᠡᠷᠵᠢᠭᠦᠯᠦᠨ᠂ ᠬᠢᠨᠠᠯᠲᠠ ᠬᠠᠮᠢᠶᠠᠷᠤᠯᠲᠠ ᠶᠢᠨ ᠵᠦᠢᠯᠡᠰ ᠢ ᠲᠠᠨᠢᠵᠤ ᠠᠪᠤᠭᠠᠳ᠂ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠵᠤ᠂ ᠰᠢᠰᠲ᠋ᠧᠮ ᠢᠶᠠᠷ ᠳᠠᠮᠵᠢᠭᠤᠯᠤᠨ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠦᠬᠦᠢ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠮᠲᠤᠪᠠᠷ ᠭᠥᠷᠳᠡᠨ᠎ᠡ᠃ ︽ᠤᠯᠠᠭᠠᠨᠬᠠᠳᠠ ᠬᠤᠲᠠ ᠶᠢᠨ ᠣᠶᠤᠨᠲᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠪᠴᠠᠩ︾᠎ ᠢ ᠬᠡᠷᠡᠭᠯᠡᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠲᠠᠪᠴᠠᠩ ᠯᠤᠭ᠎ᠠ ᠵᠣᠯᠭᠠᠭᠤᠯᠬᠤ ᠠᠵᠢᠯ ᠢ ᠠᠬᠢᠭᠤᠯᠵᠤ᠂ 2022 ᠣᠨ ᠤ ᠵᠢᠯ ᠤᠨ ᠰᠡᠭᠦᠯᠴᠢ ᠠᠴᠠ ᠡᠮᠦᠨ᠎ᠡ ᠰᠢᠰᠲ᠋ᠧᠮ ᠲᠠᠢ ᠵᠣᠯᠭᠠᠭᠤᠯᠬᠤ ᠠᠵᠢᠯ ᠢ ᠪᠡᠶᠡᠯᠡᠭᠦᠯᠦᠨ᠎ᠡ᠃    ᠶᠢᠰᠦ ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ ᠂ ᠲᠦᠯᠬᠢᠨ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ    ︵ ᠬᠤᠷᠢᠨ ᠲᠠᠪᠤ ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠨ᠎ᠠ    43. ᠰᠢ ᠶᠢᠨ ᠫᠢᠩ ᠤᠨ ᠬᠠᠥᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠰᠢ ᠶᠢᠨ ᠫᠢᠩ  ᠤᠨ ᠬᠠᠤᠯᠢ ᠪᠠᠷ ᠦᠵᠡᠯ ᠰᠠᠨᠠᠭ᠎ᠠ ᠶᠢ ᠬᠠᠥᠯᠢ ᠪᠠᠷ ᠵᠠᠰᠠᠭ  ᠤᠨ ᠣᠷᠳᠣᠨ  ᠤ ᠪᠠᠶᠢᠭᠤᠯᠤᠯᠲᠠ ᠶᠢᠨ ᠪᠦᠬᠦ ᠶᠠᠪᠤᠴᠠ ᠪᠣᠯᠣᠨ ᠡᠯ᠎ᠡ ᠲᠠᠯ᠎ᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠲᠣᠭᠤᠷᠢᠭ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠨᠢ ᠲᠣᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠯᠲᠡᠢ ᠤᠳᠤᠷᠢᠳᠤᠯᠭ᠎ᠠ ᠶᠢᠨ ᠳᠣᠣᠷ᠎ᠠ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠭᠦᠢᠴᠡᠳᠬᠡᠵᠦ ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠰᠠᠶᠢᠲᠤᠷ ᠲᠥᠯᠥᠪᠵᠢᠭᠦᠯᠦᠨ ᠨᠠᠶᠢᠳᠠᠪᠤᠷᠢᠵᠢᠭᠤᠯᠵᠤ᠂ ᠲᠣᠭᠤᠷᠢᠭ ᠤᠨ ᠨᠠᠮ ᠤᠨ ᠬᠤᠷᠢᠶ᠎ᠠ ᠳᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠠᠨᠠᠭᠠᠴᠢᠯᠠᠭ᠎ᠠ ᠎ ᠠᠴᠠ ᠪᠠᠨ ᠮᠡᠳᠡᠭᠦᠯᠬᠦ ᠬᠡᠷᠡᠭᠲᠡᠢ᠃ ᠭᠤᠣᠯ ᠬᠠᠷᠢᠭᠤᠴᠠᠯᠭᠠᠲᠠᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠷᠢᠯᠠᠭᠤᠯᠤᠨ ᠲᠦᠯᠬᠢᠨ ᠠᠬᠢᠭᠤᠯᠵᠤ ᠂ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠃ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠵᠢᠴᠢ ᠲᠡᠭᠦᠨ ᠤ ᠬᠡᠷᠡᠭ ᠡᠷᠬᠢᠯᠡᠬᠦ ᠪᠠᠶᠢᠭᠤᠯᠤᠮᠵᠢ ᠨᠤᠭᠤᠳ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ ᠲᠦᠯᠬᠢᠨ ᠠᠬᠢᠭᠤᠯᠬᠤ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠬᠤ ᠬᠡᠷᠡᠭᠲᠡᠢ ᠃    ︵ ᠬᠤᠷᠢᠨ ᠵᠢᠷᠭᠤᠭ᠎ᠠ ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ    ︽ᠨᠠᠮ ᠤᠨ ᠬᠤᠷᠢᠶ᠎ᠠ ᠤᠳᠤᠷᠢᠳᠬᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠬᠢᠨᠠᠯᠲᠠ ᠲᠠᠯᠪᠢᠬᠤ᠂ ᠵᠠᠰᠠᠭ ᠤᠨ ᠣᠷᠳᠣᠨ ᠬᠠᠷᠢᠭᠤᠴᠠᠬᠤ᠂ ᠤᠯᠤᠰ ᠲᠥᠷᠥ ᠶᠢᠨ ᠵᠥᠪᠯᠡᠯᠭᠡᠨ ᠣᠷᠣᠯᠴᠠᠬᠤ᠂ ᠡᠯ᠎ᠡ ᠰᠠᠯᠠᠭ᠎ᠠ ᠮᠥᠴᠢᠷ ᠠᠵᠢᠯ ᠬᠤᠪᠢᠶᠠᠷᠢᠯᠠᠨ ᠬᠠᠮᠵᠢᠯᠴᠠᠬᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢ ᠪᠦᠲᠦᠮᠵᠢᠲᠡᠶ ᠵᠣᠯᠭᠠᠭᠤᠯᠬᠤ᠂ ᠬᠠᠤᠯᠢ ᠴᠠᠭᠠᠵᠠ ᠶᠢᠨ ᠵᠥᠪᠯᠡᠭᠴᠢ ᠲᠤᠰᠬᠠᠢ ᠮᠡᠷᠭᠡᠵᠢᠯᠲᠡᠨ ᠡᠷᠳᠡᠮᠲᠡᠨ ᠠᠷᠠᠳ ᠣᠯᠠᠨ ᠢ ᠪᠦᠲᠦᠮᠵᠢᠲᠡᠶ ᠣᠷᠣᠯᠴᠠᠭᠤᠯᠬᠤ︾ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠣᠭᠲᠠᠴᠠ ᠶᠢ ᠴᠢᠩᠭᠠᠷᠠᠭᠤᠯᠤᠨ ᠨᠠᠶᠢᠳᠠᠪᠤᠷᠢᠵᠢᠭᠤᠯᠤᠨ᠎ᠠ ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠪᠠᠳᠠᠨ ᠪᠠᠶᠢᠴᠠᠭᠠᠬᠤ ᠠᠵᠢᠯ ᠢ ᠭᠦᠨᠵᠡᠭᠡᠢ ᠲᠦᠯᠬᠢᠨ ᠠᠬᠢᠭᠤᠯᠵᠤ ᠂ ︽ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠬᠢᠭᠡᠳ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠢᠪᠠᠳᠠᠨ ᠪᠠᠶᠢᠴᠠᠭᠠᠬᠤ ᠠᠵᠢᠯ ᠤᠨ ᠲᠣᠭᠲᠠᠭᠠᠯ ︾᠎ ᠢ ᠴᠢᠩᠭ᠎ᠠ ᠬᠡᠷᠡᠭᠵᠢᠭᠦᠯᠦᠨ᠎ᠡ ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠬᠢᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠣᠨ ᠤ ᠮᠡᠳᠡᠭᠦᠯᠦᠯᠲᠡ ᠶᠢᠨ ᠳᠦᠷᠢᠮ ᠢ ᠴᠢᠩᠭ᠎ᠠ ᠬᠡᠷᠡᠭᠵᠢᠭᠦᠯᠵᠦ ᠂ ᠴᠠᠭ ᠲᠤᠬᠠᠢ ᠳᠤᠨᠢ ᠨᠡᠶᠢᠭᠡᠮ ᠳᠤ ᠢᠯᠡ ᠪᠣᠯᠭᠠᠨ᠎ᠠ ᠃ ᠰᠢᠯᠭᠠᠨ ᠬᠢᠨᠠᠬᠤ ᠡᠷᠴᠢᠮ ᠢᠶᠠᠨ ᠴᠢᠩᠭᠠᠷᠠᠭᠤᠯᠵᠤ᠂ ᠰᠢᠯᠭᠠᠨ ᠬᠢᠨᠠᠬᠤ ᠡᠷᠬᠡ ᠶᠢᠨ ᠬᠦᠨᠳᠦᠴᠡ ᠶᠢ ᠳᠡᠭᠡᠭᠰᠢᠯᠡᠭᠦᠯᠦᠨ᠂ ᠬᠠᠤᠯᠢ ᠶᠣᠰᠣᠭᠠᠷ ᠵᠠᠰᠠᠭ ᠶᠠᠪᠤᠭᠤᠯᠤᠭᠰᠠᠨ ᠪᠠᠶᠢᠳᠠᠯ ᠢ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠵᠢᠴᠢ ᠲᠡᠭᠦᠨ ᠤ ᠤᠳᠤᠷᠢᠳᠬᠤ ᠺᠠᠳ᠋ᠷ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢᠨ ᠴᠢᠬᠤᠯᠠ ᠠᠭᠤᠯᠭ᠎ᠠ ᠪᠣᠯᠭᠠᠨ᠎ᠠ᠃    ︵ᠬᠤᠷᠢᠨ ᠳᠣᠯᠤᠭ᠎ᠠ︶ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ    45. ᠲᠥᠷᠥ ᠶᠢᠨ ᠠᠵᠢᠯᠲᠠᠨ ᠤ ᠬᠠᠤᠯᠢ ᠪᠠᠷ ᠵᠠᠰᠠᠬᠤ ᠬᠥᠮᠦᠵᠢᠯ ᠢ ᠴᠢᠩᠭᠠᠳᠬᠠᠨ᠎ᠠ᠃ ᠲᠥᠷᠥ ᠶᠢᠨ ᠠᠵᠢᠯᠲᠠᠨ ᠤ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠳᠦᠷᠢᠮ ᠢ ᠨᠠᠶᠢᠳᠠᠪᠤᠷᠢᠵᠢᠭᠤᠯᠵᠤ᠂ ᠬᠠᠤᠯᠢ ᠪᠠᠷ ᠵᠠᠰᠠᠬᠤ ᠬᠥᠮᠦᠵᠢᠯ ᠪᠣᠯᠪᠠᠰᠤᠷᠠᠭᠤᠯᠤᠯ ᠢ ᠪᠥᠬᠦ ᠲᠣᠭᠤᠷᠢᠭ ᠤᠨ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠤᠨ ᠲᠥᠯᠥᠪᠯᠡᠭᠡ ᠪᠠ ᠨᠠᠮ ᠵᠠᠰᠠᠭ ᠤᠨ ᠤᠳᠤᠷᠢᠳᠬᠤ ᠺᠠᠳ᠋ᠷ ᠤᠨ ᠪᠣᠯᠪᠠᠰᠤᠷᠠᠭᠤᠯᠤᠯ ᠤᠨ ᠭᠤᠣᠯ ᠴᠣᠭᠴᠠ ᠶᠢᠨ ᠠᠩᠭᠢ ᠶᠢᠨ ᠪᠣᠯᠪᠠᠰᠤᠷᠠᠭᠤᠯᠤᠯ ᠤᠨ ᠠᠭᠤᠯᠭ᠎ᠠ ᠳᠤ ᠣᠷᠣᠭᠤᠯᠵᠤ᠂ ᠵᠠᠰᠠᠭ ᠤᠨ ᠣᠷᠳᠣᠨ ᠤ ᠠᠵᠢᠯᠲᠠᠨ ᠤ ᠠᠩᠬ᠎ᠠ ᠲᠤᠰᠢᠶᠠᠯ ᠳᠤ ᠭᠠᠷᠬᠤ ᠪᠣᠯᠪᠠᠰᠤᠷᠠᠭᠤᠯᠤᠯ᠂ ᠲᠤᠰᠢᠶᠠᠯ ᠬᠠᠷᠢᠭᠤᠴᠠᠬᠤ ᠪᠣᠯᠪᠠᠰᠤᠷᠠᠭᠤᠯᠤᠯ ᠤᠨ ᠵᠠᠪᠠᠯ ᠪᠣᠯᠪᠠᠰᠤᠷᠠᠭᠤᠯᠬᠤ ᠠᠭᠤᠯᠭ᠎ᠠ ᠳᠤ ᠣᠷᠣᠭᠤᠯᠤᠨ᠎ᠠ᠃ ᠲᠥᠷᠥ ᠶᠢᠨ ᠠᠵᠢᠯᠲᠠᠨ ᠤ ᠬᠠᠤᠯᠢ ᠰᠤᠷᠬᠤ ᠬᠠᠤᠯᠢ ᠰᠢᠯᠭᠠᠬᠤ ᠳᠦᠷᠢᠮ ᠢ ᠲᠡᠭᠦᠯᠳᠡᠷᠵᠢᠭᠦᠯᠵᠦ᠂ 2022 ᠣᠨ ᠤ ᠪᠥᠬᠦ ᠲᠣᠭᠤᠷᠢᠭ ᠤᠨ ᠰᠦᠯᠵᠢᠶ᠎ᠡ ᠪᠠᠷ ᠬᠠᠤᠯᠢ ᠰᠤᠷᠬᠤ ᠬᠠᠤᠯᠢ ᠰᠢᠯᠭᠠᠬᠤ ᠠᠵᠢᠯ ᠢ ᠥᠷᠨᠢᠭᠦᠯᠦᠨ᠎ᠡ᠃    46. ᠤᠳᠤᠷᠢᠳᠬᠤ ᠺᠠᠳ᠋ᠷᠴᠤᠳ ᠤᠨ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠲᠣᠭᠲᠠᠴᠠ ᠶᠢ ᠪᠦᠷᠢᠨᠰᠢᠭᠦᠯᠵᠦ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠪᠠᠨ ᠦᠨᠳᠦᠰᠦᠯᠡᠨ ᠲᠣᠰ ᠰᠠᠯᠠᠭ᠎ᠠ ᠮᠥᠴᠢᠷ᠂ ᠲᠣᠰ ᠰᠢᠰᠲ᠋ᠧᠮ ᠤᠨ ᠢᠶᠠᠨ ᠬᠠᠤᠯᠢ ᠪᠠᠷ ᠵᠠᠰᠠᠬᠤ ᠲᠤᠰᠬᠠᠢ ᠰᠡᠳᠦᠪᠲᠦ ᠪᠣᠯᠪᠠᠰᠤᠷᠠᠭᠤᠯᠤᠯ ᠢ ᠥᠷᠨᠢᠭᠦᠯᠵᠦ᠂ ᠪᠠᠯᠭᠠᠰᠤ ᠰᠢᠶᠠᠩ ᠵᠡᠭᠡᠯᠢ ᠭᠤᠳᠤᠮᠵᠢ ᠨᠢ ᠲᠣᠰ ᠭᠠᠵᠠᠷ ᠣᠷᠣᠨ ᠤ  ᠰᠠᠯᠠᠭᠠᠨ ᠲᠠᠰ ᠤᠨ ᠺᠠᠳ᠋ᠷᠴᠤᠳ ᠤᠨ ᠬᠠᠤᠯᠢ ᠪᠠᠷ ᠵᠠᠰᠠᠬᠤ ᠲᠤᠰᠬᠠᠢ ᠰᠡᠳᠦᠪᠲᠦ ᠪᠣᠯᠪᠠᠰᠤᠷᠠᠭᠤᠯᠤᠯ ᠢ ᠬᠠᠷᠢᠭᠤᠴᠠᠵᠤ᠂ ᠤᠳᠤᠷᠢᠳᠬᠤ ᠺᠠᠳ᠋ᠷᠴᠤᠳ ᠵᠢᠯ ᠪᠦᠷᠢ ᠬᠤᠶᠠᠷ ᠬᠤᠭᠤᠴᠠᠭ᠎ᠠ ᠠᠴᠠ ᠳᠡᠭᠡᠭᠰᠢ ᠬᠠᠤᠯᠢ ᠪᠠᠷ ᠵᠠᠰᠠᠬᠤ ᠲᠤᠰᠬᠠᠢ ᠰᠡᠳᠦᠪᠲᠦ ᠲᠠᠶᠢᠯᠤᠮᠵᠢ ᠳᠤ ᠣᠷᠣᠯᠴᠠᠨ᠎ᠠ᠃    47. ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠦᠨᠳᠦᠰᠦᠨ ᠬᠠᠤᠯᠢ ᠬᠠᠤᠯᠢ ᠴᠠᠭᠠᠵᠠ ᠶᠢ ᠲᠦᠷᠦᠭᠦᠯᠡᠨ ᠵᠢᠷᠤᠮᠯᠠᠨ ᠬᠡᠷᠡᠭᠵᠢᠭᠦᠯᠬᠦ ᠶᠢ ᠠᠬᠢᠭᠤᠯᠵᠤ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢ ᠲᠦᠭᠡᠮᠡᠯᠵᠢᠭᠦᠯᠬᠦ︾ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠂ 2022 ᠣᠨ ᠤ ᠬᠠᠤᠯᠢ ᠴᠠᠭᠠᠵᠠ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠲᠣᠭᠲᠠᠭᠠᠵᠤ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠲᠣᠭᠲᠠᠭᠠᠵᠤ᠂ ᠴᠢᠬᠤᠯᠠ ᠠᠵᠢᠯ ᠤᠨ ᠰᠠᠨᠠᠭᠤᠯᠤᠮᠵᠢ ᠶᠢᠨ ᠬᠠᠭᠤᠳᠠᠰᠤ᠂ ᠭᠤᠣᠯᠳᠠᠯᠭ᠎ᠠ ᠲᠠᠢ ᠡᠭᠦᠷᠭᠡ ᠶᠢ ᠰᠢᠮᠳᠠᠭᠤᠯᠤᠨ ᠭᠦᠢᠴᠡᠳᠬᠡᠬᠦ ᠬᠠᠭᠤᠳᠠᠰᠤ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠦᠨᠡᠯᠡᠯᠲᠡ ᠶᠢᠨ ᠪᠢᠴᠢᠭ ︽ᠭᠤᠷᠪᠠᠨ ᠭᠠᠭᠴᠠ ᠨᠣᠮ︾᠎ ᠤᠨ ᠳᠦᠷᠢᠮ ᠤᠨ ᠪᠠᠶᠢᠭᠤᠯᠤᠯᠲᠠ ᠶᠢ ᠠᠬᠢᠭᠤᠯᠤᠨ᠎ᠠ᠃    48. ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠤᠰᠬᠠᠢ ᠰᠡᠳᠦᠪᠲᠦ ᠪᠣᠯᠪᠠᠰᠤᠷᠠᠭᠤᠯᠤᠯ ᠢ ᠲᠥᠯᠥᠪᠯᠡᠭᠡ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠴᠢᠳᠠᠪᠤᠷᠢᠲᠠᠨ ᠢ ᠬᠥᠮᠥᠵᠢᠭᠦᠯᠬᠦ ᠪᠠ ᠨᠥᠭᠡᠴᠡᠯᠡᠬᠦ ᠶᠢ ᠰᠠᠶᠢᠲᠤᠷ ᠬᠢᠨ᠎ᠡ ᠃ ᠬᠠᠤᠯᠢ ᠴᠠᠭᠠᠵᠠ ᠶᠢᠨ ᠵᠥᠪᠯᠡᠭᠴᠢ ᠪᠠ ᠠᠯᠪᠠᠨ ᠲᠤᠰᠢᠶᠠᠯᠲᠤ ᠬᠠᠤᠯᠢᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠴᠠᠭᠠᠵᠠ ᠶᠢᠨ ᠵᠥᠪᠯᠡᠭᠴᠢ ᠪᠠ ᠠᠯᠪᠠᠨ ᠲᠤᠰᠢᠶᠠᠯᠲᠤ ᠬᠠᠤᠯᠢᠴᠢ ᠶᠢᠨ ᠵᠠᠰᠠᠭ ᠤᠨ ᠣᠷᠳᠣᠨ ᠤ ᠬᠠᠤᠯᠢ ᠲᠣᠭᠲᠠᠭᠠᠬᠤ᠂ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠣᠯᠴᠠᠬᠤ ᠴᠢᠳᠠᠪᠤᠷᠢ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃    49. ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠲᠤᠰᠬᠠᠶᠢᠵᠢᠬᠤ᠂ ᠠᠵᠢᠯ ᠮᠡᠷᠭᠡᠵᠢᠬᠦ ᠪᠠᠶᠢᠭᠤᠯᠤᠯᠲᠠ ᠶᠢ ᠴᠢᠩᠭᠠᠳᠬᠠᠵᠤ᠂ ᠬᠥᠮᠥᠨ ᠪᠦᠷᠢ ᠳᠤ 60 ᠬᠢᠴᠢᠶᠡᠯ ᠤᠨ ᠴᠠᠭ ᠠᠴᠠ ᠳᠤᠲᠠᠭᠤ ᠦᠭᠡᠢ ᠲᠤᠬᠠᠶᠢᠯᠠᠭᠰᠠᠨ ᠠᠵᠢᠯ ᠤᠨ ᠮᠡᠳᠡᠯᠭᠡ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠪᠣᠯᠪᠠᠰᠤᠷᠠᠭᠤᠯᠤᠯ ᠬᠦᠷᠲᠡᠭᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠤᠨ ᠡᠩᠨᠡᠭᠡ ᠶᠢᠨ ᠲᠤᠰᠬᠠᠶᠢᠵᠢᠬᠤ ᠂ ᠠᠵᠢᠯ ᠮᠡᠷᠭᠡᠵᠢᠬᠦ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠡᠷᠭᠢᠯᠡᠬᠦ ᠵᠢᠷᠤᠮᠵᠢᠯ ᠢ ᠲᠣᠭᠲᠠᠭᠠᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯᠲᠠᠨ ᠤ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃    ︵ᠬᠤᠷᠢᠨ ᠨᠠᠢᠮᠠ︶ ᠤᠨᠤᠯ ᠎ ᠤᠨ ᠰᠤᠳᠤᠯᠤᠯ ᠪᠣᠯᠣᠨ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠨ᠎ᠠ    50. ᠣᠨᠣᠯ ᠤᠨ ᠰᠤᠳᠤᠯᠭᠠᠨ ᠢ ᠴᠢᠩᠭᠠᠳᠬᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠶᠢ ᠥᠷᠨᠢᠭᠦᠯᠦᠨ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠪᠦᠷᠢᠯᠳᠦᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠶᠣᠰᠣ ᠵᠦᠢ ᠶᠢᠨ ᠲᠤᠯᠭᠠᠭᠤᠷᠢᠯᠠᠯ ᠢ ᠴᠢᠩᠭᠠᠷᠠᠭᠤᠯᠤᠨ᠎ᠠ᠃    51. ᠨᠡᠶᠢᠲᠡᠯᠢᠭ ᠵᠢᠱᠢᠶ᠎ᠡ ᠶᠢᠨ ᠤᠬᠠᠭᠤᠯᠭ᠎ᠠ ᠶᠢ ᠰᠠᠶᠢᠲᠤᠷ ᠠᠳᠬᠤᠵᠤ ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠳᠤᠮᠳᠠ ᠡᠭᠦᠳᠦᠨ ᠪᠦᠲᠦᠭᠡᠭᠰᠡᠨ ᠲᠡᠷᠢᠭᠦᠨ ᠤ ᠲᠤᠷᠰᠢᠯᠭ᠎ᠠ ᠪᠠ ᠴᠣᠯᠭᠤᠷᠠᠨ ᠭᠠᠷᠤᠭᠰᠠᠨ ᠲᠡᠷᠢᠭᠦᠨ ᠤ ᠬᠠᠮᠲᠤ ᠨᠡᠶᠢᠳᠡ ᠂ ᠵᠢᠱᠢᠶᠡᠴᠢ ᠬᠥᠮᠥᠰ ᠢ ᠶᠡᠬᠡᠪᠡᠷ ᠠᠭᠤᠳᠠᠯᠤᠨ ᠤᠬᠠᠭᠤᠯᠬᠤ ᠬᠡᠷᠡᠭᠲᠡᠢ ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠲᠦᠭᠡᠮᠡᠯᠵᠢᠭᠦᠯᠬᠦ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠨᠡᠶᠢᠭᠡᠮ ᠤᠨ ᠡᠯ᠎ᠡ ᠡᠲᠡᠭᠡᠳ ᠤᠨ ᠎ ᠬᠢᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠩᠬᠠᠷᠬᠤ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠯᠠᠨ ᠡᠰᠢᠵᠢᠭᠰᠡᠨ᠂ ᠣᠯᠠᠨ ᠣᠷᠣᠨ ᠪᠠᠶᠢᠷᠢ᠂ ᠣᠯᠠᠨ ᠲᠠᠰ ᠳᠠᠪᠬᠤᠷᠭ᠎ᠠ ᠶᠢᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠤᠬᠠᠭᠤᠯᠭ᠎ᠠ ᠶᠢᠨ ᠪᠠᠶᠢᠷᠢᠰᠢᠯ ᠢ ᠪᠣᠶ ᠪᠣᠯᠭᠠᠵᠤ᠂ ᠶᠤᠸᠠᠨ ᠪᠦᠦ ᠱᠠᠨ ᠲᠣᠭᠤᠷᠢᠭ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠪᠦᠲᠦᠮᠵᠢᠲᠡᠶ ᠠᠷᠭ᠎ᠠ ᠬᠡᠮᠵᠢᠶ᠎ᠡ ᠪᠠ ᠠᠵᠢᠯ ᠤᠨ ᠦᠷ᠎ᠡ ᠪᠦᠲᠦᠭᠡᠯ ᠢ ᠤᠯᠠᠮᠵᠢᠯᠠᠨ ᠳᠡᠯᠭᠡᠷᠡᠭᠦᠯᠦᠨ᠎ᠡ᠃    ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠨᠢ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠯᠠᠪᠳᠠᠭᠤᠨ ᠪᠠᠲᠤᠲᠠᠢ ᠥᠷᠨᠢᠭᠦᠯᠬᠦ ᠶᠢ ᠲᠦᠯᠬᠢᠨ ᠠᠬᠢᠭᠤᠯᠵᠤ᠂ 2022 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ᠋ᠢ ᠦᠨᠡᠨ ᠬᠦ ᠪᠠᠲᠤᠯᠠᠬᠤ ᠬᠡᠷᠡᠭᠲᠡᠢ᠃                     ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ                     ᠎ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                            2022 ᠣᠨ ᠤ 5 ᠰᠠᠷ᠎ᠠ ᠶᠢᠨ 24᠎ ᠤ                            ᠡᠳᠦᠷ ᠳᠠᠷᠤᠮᠠᠯᠯᠠᠨ ᠲᠠᠷᠬᠠᠭᠠᠪᠠ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1