︻ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ ᠠᠮᠢᠵᠢᠷᠠᠯ ᠪᠢᠯᠬᠠᠭᠰᠠᠨ ᠶᠤᠸᠠᠨ ᠪᠦᠦ ᠱᠠᠨ ᠢ ᠪᠦᠲᠦᠭᠡᠨ ᠪᠠᠶᠢᠭᠤᠯᠤᠶ᠎ᠠ︼ ᠭᠦ᠋ ᠱᠠᠨ ᠨᠡᠶᠢᠭᠡᠮ ᠲᠣᠭᠤᠷᠢᠭ ︽ᠭᠠᠮᠰᠢᠭ ᠤᠨ ᠠᠶᠤᠯ ᠢ ᠪᠠᠭᠠᠰᠬᠠᠵᠤ᠂ ᠰᠠᠶᠢᠨ ᠰᠠᠶᠢᠬᠠᠨ ᠭᠡᠷ ᠣᠷᠣᠨ ᠢᠶᠠᠨ ᠰᠠᠬᠢᠨ ᠬᠠᠮᠠᠭᠠᠯᠠᠶ᠎ᠠ︾ ᠭᠡᠬᠦ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠡᠷᠬᠢᠯᠡᠪᠡ
ᠨᠡᠶᠢᠲᠡᠯᠡᠭᠰᠡᠨ ᠴᠠᠭ᠄
2022/5/31
 
1_副本.jpg   
     ᠣᠶᠢᠷ᠎ᠠ ᠳᠤ᠂ ᠫᠢᠩ ᠵᠤᠸᠠᠩ ᠵᠡᠭᠦᠨ ᠬᠤᠲᠠ ᠵᠡᠭᠡᠯᠢ ᠭᠤᠳᠤᠮᠵᠢ ᠶᠢᠨ ᠬᠥ᠋ ᠱᠠᠨ ᠨᠡᠶᠢᠭᠡᠮ ᠲᠣᠭᠤᠷᠢᠭ ︽ᠭᠠᠮᠰᠢᠭ ᠤᠨ ᠠᠶᠤᠯ ᠢ ᠪᠠᠭᠠᠰᠬᠠᠵᠤ᠂ ᠰᠠᠶᠢᠨ ᠰᠠᠶᠢᠬᠠᠨ ᠭᠡᠷ ᠣᠷᠣᠨ ᠢᠶᠠᠨ ᠰᠠᠬᠢᠨ ᠬᠠᠮᠠᠭᠠᠯᠠᠶ᠎ᠠ︾ ᠭᠡᠬᠦ ᠭᠤᠣᠯ ᠰᠡᠳᠦᠪᠲᠦ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠡᠷᠭᠢᠯᠡᠵᠦ᠂ ᠪᠥᠬᠦ ᠠᠷᠠᠳ ᠤᠨ ᠣᠯᠠᠨ ᠨᠡᠶᠢᠲᠡ ᠶᠢᠨ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠨ᠂ ᠣᠯᠠᠨ ᠲᠦᠮᠡᠨ ᠳᠤ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠮᠡᠳᠡᠯᠭᠡ ᠶᠢ ᠲᠦᠭᠡᠮᠡᠯᠵᠢᠭᠦᠯᠵᠦ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠴᠢᠳᠠᠪᠤᠷᠢ ᠶᠢ ᠎ ᠨᠢ ᠳᠡᠭᠡᠭᠰᠢᠯᠡᠭᠦᠯᠪᠡ᠃     ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠬᠢᠨ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ ᠠᠰᠢᠭᠯᠠᠵᠤ᠂ ᠪᠣᠳᠠᠲᠤ ᠠᠮᠢᠳᠤᠷᠠᠯ ᠤᠨ ᠳᠤᠮᠳᠠᠬᠢ ᠶᠡᠭᠡ ᠬᠡᠮᠵᠢᠶᠡᠨ ᠤ ᠦᠨᠡᠨ ᠪᠣᠳᠠᠲᠠᠢ ᠬᠡᠷᠡᠭ ᠤᠨ ᠵᠢᠱᠢᠶ᠎ᠡ ᠎ ᠪᠠᠷ ᠳᠠᠮᠵᠢᠭᠤᠯᠵᠤ᠂ ᠭᠠᠯ ᠤᠨ ᠠᠶᠤᠯ ᠡᠭᠦᠰᠦᠭᠰᠡᠨ ᠰᠢᠯᠲᠠᠭᠠᠨ ᠢ ᠭᠦᠨᠵᠡᠭᠡᠢ ᠪᠥᠭᠡᠳ ᠣᠶᠢᠯᠠᠭᠠᠮᠵᠢᠲᠠᠢ ᠂ ᠠᠮᠢᠳᠤᠯᠢᠭ ᠳᠦᠷᠰᠦᠯᠢᠭ ᠢᠶᠠᠷ ᠲᠠᠶᠢᠯᠪᠤᠷᠢᠯᠠᠬᠤ ᠶᠢᠨ ᠬᠠᠮᠲᠤ ᠂ ᠬᠡᠷᠬᠢᠨ ᠭᠠᠯ ᠤᠨ ᠠᠶᠤᠯ ᠢ ᠰᠡᠷᠭᠡᠶᠢᠯᠡᠬᠦ ᠂ ᠬᠡᠷᠬᠢᠨ ᠭᠠᠯ ᠤᠨ ᠠᠶᠤᠯ ᠠᠴᠠ ᠠᠮᠢ ᠵᠢᠭᠤᠲᠠᠬᠤ ᠂ ᠬᠡᠷᠬᠢᠨ ᠬᠥᠮᠥᠨ ᠬᠠᠷ᠎ᠠ ᠶᠢ ᠲᠠᠷᠬᠠᠭᠠᠬᠤ ᠂ ᠬᠡᠷᠬᠢᠨ ᠴᠠᠭᠳᠠᠭ᠎ᠠ ᠳᠤ ᠬᠡᠷᠡᠭ ᠮᠡᠳᠡᠭᠦᠯᠬᠦ ᠵᠢᠴᠢ ᠭᠠᠯ ᠤᠨᠲᠠᠷᠠᠭᠠᠭᠤᠷ ᠪᠠ ᠭᠠᠯ ᠤᠨᠲᠠᠷᠠᠭᠠᠬᠤ ᠤᠰᠤ ᠰᠦᠷᠴᠢᠭᠦᠷ ᠢ ᠵᠥᠪ ᠬᠡᠷᠡᠭᠯᠡᠬᠦ ᠠᠷᠭ᠎ᠠ ᠶᠢᠨ ᠲᠤᠬᠠᠢ ᠲᠠᠶᠢᠯᠤᠮᠵᠢ ᠬᠢᠵᠦ ᠂ ᠤᠯᠠᠨ ᠢ ᠵᠢᠯᠣᠭᠤᠳᠤᠨ ᠠᠬᠤᠢ ᠲᠠᠯᠠᠪᠤᠷ ᠤᠨ ᠭᠠᠯ ᠤᠨᠲᠠᠷᠠᠭᠠᠬᠤ ᠰᠣᠷᠢᠯᠲᠠ ᠬᠢᠯᠭᠡᠪᠡ ᠃     ᠳᠠᠷᠠᠭᠠᠴᠢ ᠶᠢᠨ ᠠᠯᠬᠤᠮ ᠳᠤ ᠂ ᠭᠦ᠋ ᠱᠠᠨ ᠨᠡᠶᠢᠭᠡᠮ ᠲᠣᠭᠤᠷᠢᠭ ᠤᠨ ᠬᠢᠨ ᠤᠬᠠᠭᠤᠯᠭ᠎ᠠ ᠶᠢᠨ ᠠᠷᠭ᠎ᠠ ᠬᠡᠯᠪᠡᠷᠢ ᠪᠠᠨ ᠰᠢᠨᠡᠳᠬᠡᠵᠦ᠂ ᠤᠯᠠᠨ ᠲᠦᠮᠡᠨ ᠳᠤ ᠠᠶᠠᠲᠠᠢ ᠠᠵᠢᠯᠯᠠᠭ᠎ᠠ ᠶᠢ ᠢᠯᠡᠭᠦᠬᠡᠨ ᠥᠷᠨᠢᠭᠦᠯᠵᠦ ᠂ ᠥᠷᠭᠡᠨ ᠤᠯᠠᠨ ᠠᠷᠠᠳ ᠢᠷᠭᠡᠳ ᠲᠤ ᠥᠪᠡᠷ ᠢᠶᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠮᠡᠳᠡᠯᠭᠡ ᠪᠣᠯᠣᠨ ᠤᠷ᠎ᠠ ᠴᠢᠳᠠᠪᠤᠷᠢ ᠶᠢ ᠦᠨᠡᠨ ᠬᠦ ᠣᠶᠢᠯᠠᠭᠠᠭᠤᠯᠤᠨ ᠡᠵᠡᠮᠰᠢᠭᠦᠯᠵᠦ ᠂ ᠪᠦᠬᠦ ᠠᠷᠠᠳ ᠤᠨ ᠭᠠᠮᠰᠢᠭ ᠤᠨ ᠠᠶᠤᠯ ᠢ ᠰᠡᠷᠭᠡᠶᠢᠯᠡᠬᠦ ᠤᠬᠠᠮᠰᠠᠷ ᠪᠣᠯᠣᠨ ᠴᠢᠳᠠᠪᠤᠷᠢ ᠶᠢ ᠳᠡᠭᠡᠭᠰᠢᠯᠡᠭᠦᠯᠵᠦ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠳᠤ ᠠᠮᠤᠷ ᠲᠣᠭᠲᠠᠭᠤᠨ ᠣᠷᠴᠢᠨ ᠲᠣᠭᠤᠷᠢᠨ ᠢ ᠪᠤᠢ ᠪᠣᠯᠭᠠᠨ᠎ᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1