ᠶᠢᠨ ᠾᠧ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠲᠣᠭᠤᠷᠢᠭ ᠤᠨ ᠰᠢᠨ᠎ᠡ ᠬᠤᠯᠪᠣᠭᠠᠲᠤ ᠬᠤᠷᠠᠯ ᠤᠨ ᠨᠠᠮ ᠤᠨ ᠡᠭᠦᠷ ᠲᠠᠢ ᠬᠤᠯᠪᠤᠭᠠᠯᠠᠨ ︽ᠨᠡᠶᠢᠭᠡᠮ ᠲᠣᠭᠤᠷᠢᠭ ᠠᠵᠤ ᠠᠬᠤᠶᠢᠯᠠᠯ ᠬᠤᠯᠪᠣᠭᠠᠯᠠᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/5/31
         5 ᠰᠠᠷ᠎ᠠ ᠶᠢᠨ 30᠎ ᠤ ᠡᠳᠦᠷ ᠂ ᠫᠢᠩᠵᠤᠸᠠᠩ ᠤᠨ ᠵᠡᠭᠦᠨ ᠬᠤᠲᠠ ᠵᠡᠭᠡᠯᠢ ᠭᠤᠳᠤᠮᠵᠢ ᠶᠢᠨ ᠶᠢᠨ ᠾᠧ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠲᠣᠭᠤᠷᠢᠭ ᠤᠨ ᠰᠢᠨ᠎ᠡ ᠬᠤᠯᠪᠣᠭᠠᠲᠤ ᠬᠤᠷᠠᠯ ᠤᠨ ᠨᠠᠮ ᠤᠨ ᠡᠭᠦᠷ ᠎ ᠲᠠᠢ ᠬᠤᠯᠪᠤᠭᠠᠯᠠᠨ ᠶᠤᠸᠠᠨ ᠪᠦᠦ ᠱᠠᠨ ᠲᠣᠭᠤᠷᠢᠭ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠡᠰᠨᠢᠯ ᠤᠨ ᠰᠠᠭᠤᠷᠢᠨ ᠭᠠᠵᠠᠷ ᠲᠤ ︽ ᠨᠡᠶᠢᠭᠡᠮ ᠲᠣᠭᠤᠷᠢᠭ ᠠᠵᠤ ᠠᠬᠤᠶᠢᠯᠠᠯ ᠬᠤᠯᠪᠣᠭᠠᠯᠠᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠬᠤ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ ᠂ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤᠷᠢᠯᠭ᠎ᠠ ᠪᠠᠷ ᠠᠵᠢᠯᠯᠠᠭ᠎ᠠ ᠳᠤ ᠣᠷᠣᠯᠴᠠᠪᠠ ᠃
1_副本.jpg
2_副本.jpg
         ᠠᠵᠢᠯᠯᠠᠭ᠎ᠠ ᠶᠢᠨ ᠠᠬᠤᠢ ᠲᠠᠯᠠᠪᠠᠢ ᠳᠤ ᠂ ᠨᠠᠮ ᠤᠨ ᠭᠡᠰᠢᠭᠦᠳ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠣᠩᠰᠢᠵᠠᠭᠠᠪᠠ᠃ ᠳᠠᠷᠠᠭ᠎ᠠ ᠨᠢ ᠶᠤᠸᠠᠨ ᠪᠦᠦ ᠱᠠᠨ ᠲᠣᠭᠤᠷᠢᠭ ᠤᠨ ᠰᠢᠨ᠎ᠡ ᠶᠢ ᠡᠭᠦᠳᠬᠦ ᠦᠢᠯᠡᠰ ᠪᠣᠰᠬᠠᠬᠤ ᠡᠰᠨᠢᠯ ᠤᠨ ᠰᠠᠭᠤᠷᠢᠨ ᠭᠠᠵᠠᠷ ᠢ ᠲᠣᠭᠤᠷᠢᠨ ᠦᠵᠡᠵᠦ ᠂ ᠰᠠᠭᠤᠷᠢᠨ ᠭᠠᠵᠠᠷ ᠤᠨ ᠬᠠᠷᠢᠭᠤᠴᠠᠯᠭᠠᠲᠠᠨ ᠤ ᠲᠠᠶᠢᠯᠪᠤᠷᠢᠯᠠᠨ ᠶᠠᠷᠢᠬᠤ ᠪᠠᠷ ᠳᠠᠮᠵᠢᠨ  ᠵᠢᠶᠠ ᡁᠢ ᠪᠧᠢ ᠴᠦᠩ ᠡᠪᠡᠰᠦ ᠂ ᠫᠢᠩ ᠵᠤᠸᠠᠩ ᠲᠡᠮᠳᠡᠭᠲᠦ ᠭᠤᠯᠢᠷ ᠂ ᠾᠧ ᠶᠦᠨ ᠲᠠᠷᠢᠶᠠᠯᠠᠩ ᠵᠡᠷᠭᠡ ᠶᠤᠸᠠᠨ ᠪᠦᠦ ᠱᠠᠨ ᠲᠣᠭᠤᠷᠢᠭ ᠤᠨ ᠲᠤᠰ ᠭᠠᠵᠠᠷ ᠤᠨ ᠣᠨᠴᠠᠯᠢᠭᠲᠤ ᠲᠠᠷᠢᠶᠠᠯᠠᠩ ᠤᠨ ᠠᠵᠤ ᠦᠢᠯᠡᠰ ᠪᠣᠯᠣᠨ ᠲᠠᠷᠢᠶᠠᠯᠠᠩ ᠤᠨ ᠪᠦᠲᠦᠭᠡᠭᠳᠡᠬᠦᠨ ᠢ ᠣᠶᠢᠯᠠᠭᠠᠪᠠ᠃
3_副本.jpg
4_副本.jpg
         ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠂ ᠠᠵᠤ ᠦᠢᠯᠡᠰ ᠢ ᠬᠦᠴᠦᠷᠬᠡᠭᠵᠢᠭᠦᠯᠬᠦ ᠪᠣᠯ ᠵᠠᠩᠭᠢᠯᠠᠭ᠎ᠠ ᠪᠣᠯᠣᠨ᠎ᠠ ᠃ ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ ᠤᠯᠠᠨ ᠢᠶᠠᠷ ᠢᠶᠠᠨ ᠲᠤᠰ ᠤᠳᠠᠭᠠᠨ ᠤ ᠠᠵᠢᠯᠯᠠᠭ᠎ᠠ ᠶᠢ ᠬᠤᠭᠤᠰᠤᠳᠤᠭᠤᠯᠤᠯ ᠦᠭᠡᠢ ᠬᠠᠮᠢᠶ᠎ᠠ ᠪᠦᠬᠦᠢ ᠪᠣᠳᠠᠳᠤ ᠠᠵᠢᠯ ᠬᠢᠬᠦ ᠪᠠᠨ ᠢᠯᠡᠳᠬᠡᠵᠡᠭᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠲᠠᠢ ᠣᠷᠭᠠᠨᠢᠭ ᠢᠶᠠᠷ ᠤᠶᠠᠯᠳᠤᠭᠤᠯᠵᠤ ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠪᠠᠳᠠᠷᠠᠭᠤᠯᠤᠨ᠂ ᠪᠣᠳᠠᠲᠤ ᠠᠵᠢᠯᠯᠠᠭ᠎ᠠ ᠪᠠᠷ ᠢᠶᠠᠨ ᠶᠤᠸᠠᠨ ᠪᠦᠦ ᠱᠠᠨ ᠲᠣᠭᠤᠷᠢᠭ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠤᠬᠠᠭᠤᠯᠤᠨ ᠳᠡᠯᠭᠡᠷᠡᠭᠦᠯᠵᠦ ᠂ ᠰᠠᠶᠢᠨ ᠠᠵᠤ ᠦᠢᠯᠡᠰ ᠢ ᠦᠭᠡᠳᠡᠯᠡᠯ ᠳᠠᠪᠰᠢᠯ ᠤᠨ ᠬᠠᠷᠭᠤᠢ ᠪᠤᠯᠭᠠᠨ ᠬᠤᠪᠢᠷᠠᠭᠤᠯᠤᠨ᠎ᠠ ᠭᠡᠵᠡᠭᠡᠭᠰᠡᠨ ᠪᠠᠶᠢᠨ᠎ᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1