ᠶᠤᠸᠠᠨ ᠪᠦᠦ ᠱᠠᠨ ᠲᠣᠭᠤᠷᠢᠭ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠪᠦᠭᠦᠳᠡ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/31
     5 ᠰᠠᠷ᠎ᠠ ᠶᠢᠨ 25᠎ ᠤ ᠡᠳᠦᠷ᠂ ᠶᠤᠸᠠᠨ ᠪᠦᠦ ᠱᠠᠨ ᠲᠣᠭᠤᠷᠢᠭ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠪᠥᠬᠦᠳᠡ ᠬᠤᠷᠠᠯ ᠢ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ᠂ ᠲᠣᠭᠤᠷᠢᠭ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠶᠢᠨ ᠮᠢᠩ᠂ ᠲᠣᠭᠤᠷᠢᠭ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠭᠦᠨ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃
1_副本.jpg
         ᠬᠤᠷᠠᠯ ᠠᠴᠠ ︽ ᠶᠤᠸᠠᠨ ᠪᠦᠦ ᠱᠠᠨ ᠲᠣᠭᠤᠷᠢᠭ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠳᠦᠷᠢᠮ ︵ᠬᠢᠨᠠᠨ ᠵᠥᠪᠯᠡᠬᠦ ᠨᠣᠣᠷᠠᠭ︶︾ ᠂ ︽ᠶᠤᠸᠠᠨ ᠪᠦᠦ ᠱᠠᠨ ᠲᠣᠭᠤᠷᠢᠭ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠠᠵᠢᠯ ᠤᠨ ᠳᠦᠷᠢᠮ ︵ᠬᠢᠨᠠᠨ ᠵᠥᠪᠯᠡᠬᠦ ᠨᠣᠣᠷᠠᠭ︶︾ ᠂ ︽2022 ᠣᠨ ᠤ ᠶᠤᠸᠠᠨ ᠪᠦᠦ ᠱᠠᠨ ᠲᠣᠭᠤᠷᠢᠭ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠭᠤᠣᠯᠳᠠᠯᠭ᠎ᠠ︾ ᠂ ︽ᠶᠤᠸᠠᠨ ᠪᠦᠦ ᠱᠠᠨ ᠲᠣᠭᠤᠷᠢᠭ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ︿  ᠬᠦᠨᠦᠭᠡᠯ ᠠᠮᠰᠠᠬᠤ ᠶᠢ ᠠᠷᠢᠯᠭᠠᠬᠤ ᠂ ᠶᠠᠯ᠎ᠠ ᠬᠢᠬᠦ ᠶᠢ ᠠᠷᠢᠯᠭᠠᠬᠤ ᠂ ᠦᠬᠦᠵᠦ ᠰᠢᠷᠬᠠᠳᠠᠬᠤ ᠶᠢ ᠠᠷᠢᠯᠭᠠᠬᠤ﹀ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠦᠰᠦᠪ ︵ᠲᠤᠷᠰᠢᠨ ᠬᠡᠷᠡᠭᠵᠢᠭᠦᠯᠬᠦ︶︾ ᠎ ᠢ ᠰᠣᠨᠣᠰᠴᠤ ᠬᠢᠨᠠᠨ ᠵᠦᠪᠯᠡᠪᠡ᠃
2_副本.png
         ᠬᠤᠷᠠᠯ ᠠᠴᠠ ᠂ ᠡᠯ᠎ᠡ ᠪᠦᠷᠢᠯᠳᠦᠭᠦᠨ ᠨᠢᠭᠡᠴᠢ ᠶᠢᠨ ᠬᠢᠨ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠢ ᠴᠢᠩᠭᠠᠳᠬᠠᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ ᠂ ᠤᠯᠤᠰ ᠲᠦᠷᠦ ᠶᠢᠨ ᠵᠣᠭᠰᠣᠴᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠯ᠎ᠡ ᠱᠠᠲᠤᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠤᠨ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠢ ᠦᠨᠡᠨ ᠬᠦ ᠴᠢᠬᠤᠯᠠ ᠪᠠᠶᠢᠷᠢᠨ ᠳᠤ ᠲᠠᠯᠪᠢᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃     ᠬᠤᠷᠠᠯ ᠠᠴᠠ ᠂ ᠨᠠᠰᠤᠨ ᠳᠤ ᠦᠯᠦ ᠬᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠪᠡᠶᠡᠯᠡᠭᠦᠯᠬᠦ ᠪᠠ ᠬᠠᠮᠠᠭᠠᠯᠠᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠵᠤ ᠂ ᠪᠦᠬᠦ ᠲᠣᠭᠤᠷᠢᠭ ᠲᠤ ᠨᠠᠰᠤᠨ ᠳᠤ ᠦᠯᠦ ᠬᠦᠷᠦᠭᠰᠡᠳ ᠤᠨ ︽ ᠶᠠᠯ᠎ᠠ ᠬᠢᠬᠦ ᠎ ᠶᠢ ᠠᠷᠢᠯᠭᠠᠬᠤ᠂ ᠬᠥᠨᠥᠭᠡᠯ ᠠᠮᠰᠠᠬᠤ ᠶᠢ ᠠᠷᠢᠯᠭᠠᠬᠤ᠂ ᠦᠬᠦᠵᠦ ᠰᠢᠷᠬᠠᠲᠤᠬᠤ ᠶᠢ ᠠᠷᠢᠯᠭᠠᠬᠤ︾ ᠲᠤᠰᠬᠠᠢ ᠠᠵᠢᠯᠯᠠᠭ᠎ᠠ ᠶᠢ ᠰᠠᠶᠢᠲᠤᠷ ᠥᠷᠨᠢᠭᠦᠯᠬᠦ ᠬᠡᠷᠡᠭᠲᠡᠢ ᠃ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ ᠂ ᠥᠷᠭᠡᠨ ᠤᠯᠠᠨ ᠲᠦᠮᠡᠨ ᠤ ᠬᠠᠩᠭᠠᠭᠰᠠᠨ ᠨᠠᠰᠤᠨ ᠳᠤ ᠦᠯᠤ ᠬᠥᠷᠦᠭᠰᠡᠳ ᠤᠨ ᠬᠠᠤᠯᠢ ᠪᠤᠰᠤ ᠬᠠᠯᠳᠠᠯᠭ᠎ᠠ ᠳᠤ ᠤᠴᠠᠷᠠᠭᠰᠠᠨ ᠮᠡᠳᠡᠭᠡ ᠵᠠᠩᠭᠢ ᠳᠤ ᠤᠷᠢᠳᠠᠪᠠᠷ ᠬᠠᠷᠢᠭᠤᠴᠠᠬᠤ ᠳᠦᠷᠢᠮ ᠢ ᠬᠡᠷᠡᠭᠵᠢᠭᠦᠯᠵᠦ ᠂ ᠢᠳᠡᠪᠬᠢᠲᠡᠢ ᠪᠠᠷ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ ᠃ ᠨᠠᠰᠤᠨ ᠳᠤ ᠥᠯᠥ ᠭᠦᠷᠦᠭᠰᠡᠳ ᠎ ᠲᠤ ᠦᠢᠯᠡᠴᠢᠯᠡᠬᠦ ᠣᠨᠴᠠᠭᠠᠶ ᠡᠩᠨᠡᠭᠡ ᠶᠢ ᠬᠠᠶᠢᠷ᠎ᠠ ᠰᠡᠳᠬᠢᠯᠭᠡ ᠪᠠᠷ ᠢᠶᠠᠨ ᠬᠠᠯᠠᠮᠵᠢᠯᠠᠨ ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠠᠶᠢᠨ ᠳᠤᠷᠠᠴᠤᠳ ᠤᠨ ᠨᠠᠰᠤᠨ ᠳᠤ ᠥᠯᠥ ᠭᠦᠷᠦᠭᠰᠡᠳ ᠤᠨ ᠬᠦᠷᠢᠶ᠎ᠡ ᠴᠠᠷᠠᠭ᠎ᠠ ᠳᠤ ᠦᠢᠯᠡᠴᠢᠯᠡᠭᠡ ᠪᠠᠨ ᠡᠷᠴᠢᠮᠵᠢᠭᠦᠯᠬᠦ ᠶᠢ ᠵᠣᠷᠢᠭᠵᠢᠭᠤᠯᠵᠤ ᠬᠥᠲᠥᠯᠥᠨ ᠵᠢᠯᠤᠭᠤᠳᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ ᠂ ᠨᠠᠰᠤᠨ ᠳᠤ ᠦᠯᠤ ᠬᠥᠷᠦᠭᠰᠡᠳ ᠢ ᠬᠠᠮᠠᠭᠠᠯᠠᠬᠤ ᠠᠵᠢᠯ ᠤᠨ ᠬᠦᠷᠢᠶᠡᠨ ᠳᠠᠬᠢ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠶᠢ ᠴᠢᠬᠤᠯᠠᠴᠢᠯᠠᠵᠤ ᠂ ᠨᠠᠰᠤᠨ ᠳᠤ ᠦᠯᠤ ᠬᠥᠷᠦᠭᠰᠡᠳ ᠢ ᠬᠠᠮᠠᠭᠠᠯᠠᠬᠤ ᠠᠵᠢᠯ ᠢ ᠠᠵᠤ ᠠᠬᠤᠢ ᠶᠢᠨ ᠬᠥᠭᠵᠢᠯᠲᠡ ᠂ ᠨᠡᠶᠢᠭᠡᠮ ᠤᠨ ᠪᠠᠶᠢᠭᠤᠯᠤᠯᠲᠠ ᠂ ᠨᠡᠶᠢᠭᠡᠮ ᠤᠨ ᠥᠭᠡᠷᠡᠴᠢᠯᠡᠯᠲᠡ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠵᠢᠯ ᠡᠭᠦᠷᠭᠡ ᠲᠠᠢ ᠵᠡᠷᠭᠡᠪᠡᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃  
 
ᠢᠷᠡᠯᠲᠡ᠄ ︽ᠾᠦᠸᠧ ᠯᠢ ᠶᠤᠸᠠᠨ ᠪᠦᠦ ᠱᠠᠨ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1