ᠨᠢᠭᠡᠳᠦᠭᠡᠷ ᠤᠯᠠᠷᠢᠯ ᠳᠤ ᠮᠠᠨ ᠤ ᠤᠯᠤᠰ ᠤᠨ ᠦᠢᠯᠡᠴᠢᠯᠡᠭᠡᠨ ᠤ ᠭᠠᠳᠠᠭᠠᠳᠤ ᠤᠷᠤᠭᠤᠯᠤᠯᠳᠠ ᠪᠠ ᠭᠠᠷᠭᠠᠯᠳᠠ ᠶᠢᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ ᠪᠠᠨ 25.8%᠎ ᠪᠠᠷ ᠨᠡᠮᠡᠭᠳᠡᠪᠡ  ᠮᠡᠳᠡᠯᠭᠡ ᠬᠤᠷᠠᠭᠰᠠᠨ ᠬᠡᠯᠪᠡᠷᠢ ᠶᠢᠨ ᠦᠢᠯᠡᠴᠢᠯᠡᠭᠡᠨ ᠤ ᠠᠷᠠᠯᠵᠢᠶ᠎ᠠ ᠲᠣᠭᠲᠠᠭᠤᠨ ᠢᠶᠠᠷ ᠨᠡᠮᠡᠭᠳᠡᠵᠠᠢ
ᠨᠡᠶᠢᠲᠡᠯᠡᠭᠰᠡᠨ ᠴᠠᠭ᠄
2022/5/7
      ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 5 ᠰᠠᠷ᠎ᠠ ᠶᠢᠨ 5᠎ ᠤ ᠡᠳᠦᠷ ᠤᠨ  ᠮᠡᠳᠡᠭᠡ ︵ ᠰᠤᠷᠪᠤᠯᠵᠢᠯᠠᠭᠴᠢ ᠯᠦᠸᠧ ᠱᠠᠨ ᠱᠠᠨ ︶ 5᠎ ᠤ ᠡᠳᠦᠷ ᠂ ᠰᠤᠷᠪᠤᠯᠵᠢᠯᠠᠭᠴᠢ ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ ᠤᠶᠢᠯᠠᠭᠠᠬᠰᠠᠨ ᠎ ᠢᠶᠠᠷ ᠂ ᠡᠨᠡ ᠵᠢᠯ ᠤᠨ ᠨᠢᠭᠡᠳᠦᠭᠡᠷ ᠤᠯᠠᠷᠢᠯ ᠳᠤ ᠮᠠᠨ ᠤ  ᠤᠯᠤᠰ ᠤᠨ ᠦᠢᠯᠡᠴᠢᠯᠡᠭᠡᠨ ᠤ ᠠᠷᠠᠯᠵᠢᠶ᠎ᠠ ᠦᠷᠭᠦᠯᠵᠢᠯᠡᠨ ᠲᠦᠷᠭᠡᠨ ᠢᠶᠠᠷ ᠨᠡᠮᠡᠭᠳᠡᠪᠡ ᠃ ᠦᠢᠯᠡᠴᠢᠯᠡᠭᠡᠨ ᠤ ᠭᠠᠳᠠᠭᠠᠳᠤ ᠣᠷᠣᠭᠤᠯᠤᠯᠲᠠ ᠪᠠ ᠭᠠᠷᠭᠠᠯᠲᠠ ᠶᠢᠨ ᠪᠦᠬᠦ ᠲᠤᠭ᠎ᠠ 14569.9 ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ ᠪᠠᠨ 25.8%᠎ ᠪᠠᠷ ᠨᠡᠮᠡᠭᠳᠡᠪᠡ ︔ ᠡᠭᠦᠨ ᠳᠤ ᠦᠢᠯᠡᠴᠢᠯᠡᠭᠡᠨ ᠤ ᠭᠠᠳᠠᠭᠠᠳᠤ ᠭᠠᠷᠭᠠᠯᠲᠠ 7139.8 ᠳ᠋ᠦᠩᠰᠢᠭᠤᠷ ᠲᠥᠭᠦᠷᠢᠭ ᠲᠤ ᠬᠦᠷᠴᠦ ᠂ 30.8%᠎ ᠪᠠᠷ ᠨᠡᠮᠡᠭᠳᠡᠪᠡ ︔ ᠭᠠᠳᠠᠭᠠᠳᠤ ᠣᠷᠣᠭᠤᠯᠤᠯᠲᠠ 7430.1 ᠳ᠋ᠦᠩᠰᠢᠭᠤᠷ ᠲᠥᠭᠦᠷᠢᠭ ᠲᠤ  ᠬᠦᠷᠴᠦ ᠂ 21.3%᠎ ᠪᠠᠷ ᠨᠡᠮᠡᠭᠳᠡᠪᠡ ᠃ ᠦᠢᠯᠡᠴᠢᠯᠡᠭᠡᠨ ᠤ ᠭᠠᠳᠠᠭᠠᠳᠤ ᠭᠠᠷᠭᠠᠯᠲᠠ ᠶᠢᠨ ᠨᠡᠮᠡᠭᠳᠡᠯ ᠤᠨ ᠬᠡᠮᠵᠢᠶ᠎ᠡ ᠨᠢ ᠭᠠᠳᠠᠭᠠᠳᠤ ᠣᠷᠣᠭᠤᠯᠤᠯᠲᠠ ᠠᠴᠠ 9.5 ᠵᠠᠭᠤᠨ ᠤ ᠬᠤᠪᠢ ᠶᠢᠨ ᠴᠡᠭ ᠶᠡᠭᠡ ᠪᠠᠶᠢᠵᠤ ᠂ ᠦᠢᠯᠡᠴᠢᠯᠡᠭᠡᠨ ᠤ ᠠᠷᠠᠯᠵᠢᠶᠠᠨ ᠤ ᠰᠥᠭᠡᠷᠭᠦ ᠵᠥᠷᠢᠶ᠎ᠡ ᠶᠢ ᠳᠠᠶᠢᠴᠢᠯᠠᠨ 56.4%᠎ ᠪᠠᠷ ᠪᠠᠭᠤᠷᠠᠭᠤᠯᠵᠤ 290.3 ᠳ᠋ᠦᠩᠰᠢᠭᠤᠷ ᠲᠥᠭᠦᠷᠢᠭ ᠪᠤᠯᠭᠠᠪᠠ ᠃ 3 ᠰᠠᠷ᠎ᠠ ᠳᠤ ᠂ ᠮᠠᠨ ᠤ ᠤᠯᠤᠰ ᠤᠨ ᠦᠢᠯᠡᠴᠢᠯᠡᠭᠡᠨ ᠤ ᠭᠠᠳᠠᠭᠠᠳᠤ ᠣᠷᠣᠭᠤᠯᠤᠯᠲᠠ ᠪᠠ ᠭᠠᠷᠭᠠᠯᠲᠠ ᠶᠢᠨ ᠪᠦᠬᠦ ᠲᠤᠭ᠎ᠠ 5036 ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ ᠪᠠᠨ 14.1%᠎ ᠪᠠᠷ ᠨᠡᠮᠡᠭᠳᠡᠪᠡ ᠃               ᠮᠡᠳᠡᠯᠭᠡ ᠬᠤᠷᠠᠭᠰᠠᠨ ᠬᠡᠯᠪᠡᠷᠢ ᠶᠢᠨ ᠦᠢᠯᠡᠴᠢᠯᠡᠭᠡᠨ ᠤ ᠠᠷᠠᠯᠵᠢᠶ᠎ᠠ ᠲᠣᠭᠲᠠᠭᠤᠨ ᠢᠶᠠᠷ  ᠨᠡᠮᠡᠭᠳᠡᠪᠡ ᠃ ᠨᠢᠭᠡᠳᠦᠭᠡᠷ‌ᠤᠯᠠᠷᠢᠯ ᠳᠤ ᠂ ᠮᠡᠳᠡᠯᠭᠡ ᠬᠤᠷᠠᠭᠰᠠᠨ ᠬᠡᠯᠪᠡᠷᠢ ᠶᠢᠨ ᠦᠢᠯᠡᠴᠢᠯᠡᠭᠡᠨ ᠤ ᠭᠠᠳᠠᠭᠠᠳᠤ ᠣᠷᠣᠭᠤᠯᠤᠯᠲᠠ ᠪᠠ ᠭᠠᠷᠭᠠᠯᠲᠠ 6156.6 ᠳ᠋ᠦᠩᠰᠢᠭᠤᠷ ᠲᠥᠭᠦᠷᠢᠭ ᠲᠤ ᠬᠦᠷᠴᠦ ᠂ 14.1%᠎ ᠪᠠᠷ  ᠨᠡᠮᠡᠭᠳᠡᠪᠡ ᠃ ᠡᠭᠦᠨ ᠳᠤ ᠂ ᠮᠡᠳᠡᠯᠭᠡ ᠬᠤᠷᠠᠭᠰᠠᠨ ᠬᠡᠯᠪᠡᠷᠢ ᠶᠢᠨ ᠦᠢᠯᠡᠴᠢᠯᠡᠭᠡᠨ ᠤ ᠭᠠᠳᠠᠭᠠᠳᠤ ᠭᠠᠷᠭᠠᠯᠲᠠ 3500.6 ᠳ᠋ᠦᠩᠰᠢᠭᠤᠷ ᠲᠥᠭᠦᠷᠢᠭ ᠲᠤ ᠬᠦᠷᠴᠦ ᠂ 16.3%᠎ ᠪᠠᠷ ᠨᠡᠮᠡᠭᠳᠡᠪᠡ ︔ ᠭᠠᠳᠠᠭᠠᠳᠤ ᠭᠠᠷᠭᠠᠯᠲᠠ ᠶᠢᠨ ᠨᠡᠮᠡᠭᠳᠡᠯ ᠨᠡᠯᠢᠶᠡᠳ ᠲᠦᠷᠭᠡᠨ ᠪᠠᠶᠢᠭ᠎ᠠ ᠬᠦᠷᠢᠶ᠎ᠡ ᠪᠣᠯ ᠴᠠᠬᠢᠯᠭᠠᠨ ᠬᠤᠯᠪᠣᠭᠠᠨ ᠤ  ᠺᠤᠮᠫᠢᠦ᠋ᠲ᠋ᠧᠷ ᠪᠣᠯᠤᠨ ᠮᠡᠳᠡᠭᠡ ᠵᠠᠩᠭᠢ ᠶᠢᠨ ᠦᠢᠯᠡᠴᠢᠯᠡᠭᠡ ᠂ ᠪᠤᠰᠤᠳ ᠬᠤᠳᠠᠯᠳᠤᠭᠠᠨ ᠤ ᠦᠢᠯᠡᠴᠢᠯᠡᠭᠡ ᠂  ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ ᠶᠢᠨ ᠰᠦᠢᠳᠬᠡᠯ ᠪᠤᠯᠬᠤ ᠪᠦᠭᠡᠳ ᠲᠤᠰ ᠲᠤᠰ 22.1% ᠂ 14.6% ᠂ 11.2%᠎ ᠢᠶᠠᠷ ᠨᠡᠮᠡᠭᠳᠡᠪᠡ ᠃ ᠮᠡᠳᠡᠯᠭᠡ ᠬᠤᠷᠠᠭᠰᠠᠨ ᠬᠡᠯᠪᠡᠷᠢ ᠶᠢᠨ ᠦᠢᠯᠡᠴᠢᠯᠡᠭᠡᠨ ᠤ ᠭᠠᠳᠠᠭᠠᠳᠤ ᠣᠷᠣᠭᠤᠯᠤᠯᠲᠠ 2656 ᠳ᠋ᠦᠩᠰᠢᠭᠤᠷ ᠲᠥᠭᠦᠷᠢᠭ ᠲᠤ ᠬᠦᠷᠴᠦ ᠂ 11.4%᠎ ᠪᠠᠷ ᠨᠡᠮᠡᠭᠳᠡᠪᠡ ︔ ᠭᠠᠳᠠᠭᠠᠳᠤ ᠣᠷᠣᠭᠤᠯᠤᠯᠲᠠ ᠶᠢᠨ ᠨᠡᠮᠡᠭᠳᠡᠯ ᠨᠡᠯᠢᠶᠡᠳ ᠲᠦᠷᠭᠡᠨ ᠪᠠᠶᠢᠭ᠎ᠠ ᠬᠦᠷᠢᠶ᠎ᠡ ᠪᠣᠯ ᠳᠠᠭᠠᠳᠬᠠᠯ ᠤᠨ ᠦᠢᠯᠡᠴᠢᠯᠡᠭᠡ ᠪᠠᠶᠢᠵᠤ ᠂ ᠨᠡᠮᠡᠭᠳᠡᠯ ᠤᠨ ᠬᠤᠷᠳᠤᠴᠠ ᠨᠢ 134.9%᠎ ᠳᠤ ᠬᠦᠷᠴᠡᠶ ᠃                  ᠵᠢᠭᠤᠯᠴᠢᠯᠠᠯ ᠤᠨ ᠦᠢᠯᠡᠴᠢᠯᠡᠭᠡ ᠶᠢᠨ ᠭᠠᠳᠠᠭᠠᠳᠤ ᠣᠷᠣᠭᠤᠯᠤᠯᠲᠠ ᠪᠠ ᠭᠠᠷᠭᠠᠯᠲᠠ ᠰᠡᠷᠭᠦᠪᠡ ᠃ ᠨᠢᠭᠡᠳᠦᠭᠡᠷ ᠤᠯᠠᠷᠢᠯ ᠳᠤ ᠂ ᠮᠠᠨ ᠤ ᠤᠯᠤᠰ ᠤᠨ ᠵᠢᠭᠤᠯᠴᠢᠯᠠᠯ ᠤᠨ ᠦᠢᠯᠡᠴᠢᠯᠡᠭᠡᠨ ᠤ ᠭᠠᠳᠠᠭᠠᠳᠤ  ᠣᠷᠣᠭᠤᠯᠤᠯᠲᠠ ᠪᠠ ᠭᠠᠷᠭᠠᠯᠲᠠ 2155.5 ᠳ᠋ᠦᠩᠰᠢᠭᠤᠷ ᠲᠥᠭᠦᠷᠢᠭ ᠲᠤ ᠬᠦᠷᠴᠦ ᠂ 12.6%᠎ ᠪᠠᠷ  ᠨᠡᠮᠡᠭᠳᠡᠪᠡ ᠂ ᠡᠭᠦᠨ ᠳᠤ ᠭᠠᠳᠠᠭᠠᠳᠤ ᠭᠠᠷᠭᠠᠯᠲᠠ 15.3%᠎ ᠪᠠᠷ ᠪᠠᠭᠤᠷᠠᠵᠤ ᠂ ᠭᠠᠳᠠᠭᠠᠳᠤ ᠣᠷᠣᠭᠤᠯᠤᠯᠲᠠ 15.4%᠎ ᠪᠠᠷ ᠨᠡᠮᠡᠭᠳᠡᠪᠡ ᠃ ᠵᠢᠭᠤᠯᠴᠢᠯᠠᠯ ᠤᠨ ᠦᠢᠯᠡᠴᠢᠯᠡᠭᠡ ᠶᠢ ᠭᠠᠷᠭᠠᠪᠠᠯ ᠂ ᠨᠢᠭᠡᠳᠦᠭᠡᠷ ᠤᠯᠠᠷᠢᠯ ᠳᠤ ᠮᠠᠨ ᠤ ᠤᠯᠤᠰ ᠤᠨ ᠦᠢᠯᠡᠴᠢᠯᠡᠭᠡᠨ ᠤ ᠭᠠᠳᠠᠭᠠᠳᠤ ᠣᠷᠣᠭᠤᠯᠤᠯᠲᠠ ᠪᠠ ᠭᠠᠷᠭᠠᠯᠲᠠ 28.4%᠎ ᠪᠠᠷ ᠨᠡᠮᠡᠭᠳᠡᠪᠡ ᠂ ᠡᠭᠦᠨ ᠳᠤ ᠭᠠᠳᠠᠭᠠᠳᠤ ᠭᠠᠷᠭᠠᠯᠲᠠ 32.3%᠎ ᠪᠠᠷ ᠨᠡᠮᠡᠭᠳᠡᠵᠦ ᠂ ᠭᠠᠳᠠᠭᠠᠳᠤ  ᠣᠷᠣᠭᠤᠯᠤᠯᠲᠠ 23.7%᠎ ᠪᠠᠷ ᠨᠡᠮᠡᠭᠳᠡᠪᠡ ︔ 2019 ᠣᠨ ᠤ ᠠᠳᠠᠯᠢ ᠬᠤᠭᠤᠴᠠᠭᠠᠨ ᠤ ᠬᠢ ᠎ ᠲᠠᠢ  ᠬᠠᠷᠢᠴᠠᠭᠤᠯᠪᠠᠯ ᠂ ᠦᠢᠯᠡᠴᠢᠯᠡᠭᠡᠨ ᠤ ᠭᠠᠳᠠᠭᠠᠳᠤ ᠣᠷᠣᠭᠤᠯᠤᠯᠲᠠ ᠪᠠ ᠭᠠᠷᠭᠠᠯᠲᠠ 55.8%᠎ ᠪᠠᠷ ᠨᠡᠮᠡᠭᠳᠡᠪᠡ ᠂ ᠡᠭᠦᠨ ᠳᠤ ᠭᠠᠳᠠᠭᠠᠳᠤ ᠭᠠᠷᠭᠠᠯᠲᠠ 70%᠎ ᠪᠠᠷ ᠨᠡᠮᠡᠭᠳᠡᠵᠦ ᠂ ᠭᠠᠳᠠᠭᠠᠳᠤ ᠣᠷᠣᠭᠤᠯᠤᠯᠲᠠ 40.7%᠎ ᠪᠠᠷ ᠨᠡᠮᠡᠭᠳᠡᠵᠠᠢ ᠃ 
 
ᠢᠷᠡᠯᠲᠡ᠄ ᠠᠷᠠᠳ ᠤᠨ ᠰᠦᠯᠵᠢᠶᠡᠨ ᠤ ᠮᠤᠩᠭᠤᠯ ᠬᠡᠯᠡᠨ ᠤ ᠰᠤᠪᠠᠭ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1