ᠼᠤᠤ ᡁᠢ ᠶᠦᠩ ᠶᠤᠸᠠᠨ ᠪᠦᠦ ᠱᠠᠨ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠵᠢᠭᠦᠷᠯᠡᠨ ᠰᠠᠬᠢᠬᠤ ᠵᠡᠷᠭᠡ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2022/5/7
      5 ᠰᠠᠷ᠎ᠠ ᠶᠢᠨ 3᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠬᠤᠳᠠᠯᠳᠤᠭᠠᠨ ᠤ ᠲᠠᠯᠠᠪᠤᠷ᠂ ᠭᠠᠯ ᠤᠨᠲᠠᠷᠠᠭᠠᠬᠤ ᠠᠩᠭᠢ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ ᠲᠤᠰᠠᠭᠠᠷᠯᠠᠬᠤ ᠲᠠᠯᠠᠪᠤᠷ ᠵᠡᠷᠭᠡ ᠭᠠᠵᠠᠷ ᠢᠶᠠᠷ ᠬᠦᠷᠴᠦ ᠂ ︽5.1︾᠎ ᠤ ᠠᠮᠠᠷᠠᠯᠲᠠ ᠶᠢᠨ ᠬᠤᠭᠤᠴᠠᠭᠠᠨ ᠳᠠᠬᠢ ᠪᠥᠬᠦ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ ᠂ ᠭᠠᠯ ᠢ ᠰᠡᠷᠭᠡᠶᠢᠯᠡᠬᠦ  ᠂ ᠵᠢᠵᠢᠭᠦᠷᠯᠡᠬᠦ ᠵᠡᠷᠭᠡ ᠠᠵᠢᠯ ᠳᠤ ᠲᠤᠬᠠᠢ ᠶᠢᠨ ᠭᠠᠵᠠᠷ ᠤᠨ ᠪᠠᠶᠢᠴᠠᠭᠠᠯᠲᠠ ᠬᠢᠭᠰᠡᠨ ᠪᠥᠭᠡᠳ ᠪᠠᠶᠠᠷ ᠤᠨ ᠡᠳᠦᠷ ᠤᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠬᠥᠳᠡᠯᠮᠦᠷᠢᠴᠢᠳ ᠢ ᠳᠣᠲᠣᠨᠣ ᠪᠠᠷ ᠪᠣᠯᠭᠤᠭᠠᠨ ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢ ᡁᠢ ᠭᠠᠩ ᠵᠢᠴᠢ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠪᠠ᠃      ᠼᠤᠤ ᡁᠢ ᠶᠦᠩ ᠡᠩ ᠲᠡᠷᠢᠭᠦᠨ ᠳᠤ ᠱᠢ ᠶᠤᠸᠠᠨ ᠬᠤᠳᠠᠯᠳᠤᠭᠠᠨ ᠤ ᠲᠥᠪ ᠲᠤ ᠬᠦᠷᠴᠦ᠂ ᠬᠤᠳᠠᠯᠳᠤᠭᠠᠨ ᠤ ᠲᠠᠯᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠪᠠᠷᠠᠭᠠᠨ ᠤ ᠦᠨ᠎ᠡ  ᠪᠣᠯᠤᠨ ᠬᠠᠩᠭᠠᠯᠭ᠎ᠠ ᠶᠢ ᠪᠠᠲᠤᠯᠠᠬᠤ ᠵᠢᠴᠢ ᠭᠠᠯ ᠢ ᠰᠡᠷᠭᠡᠶᠢᠯᠡᠬᠦ ᠠᠮᠤᠷ ᠲᠦᠪᠰᠢᠨ ᠤ ᠪᠠᠶᠢᠳᠠᠯ ᠢ ᠨᠠᠷᠢᠨ ᠠᠰᠠᠭᠤᠨ ᠯᠠᠪᠯᠠᠪᠠ᠃ ᠲᠡᠷᠡ ᠴᠢᠬᠤᠯᠠᠴᠢᠯᠠᠭᠰᠠᠨ ᠨᠢ᠂ ︽ 5·1 ︾ ᠎ ᠤ ᠬᠤᠭᠤᠴᠠᠭᠠᠨ ᠳᠤ ᠶᠠᠪᠤᠵᠤ ᠰᠠᠭᠤᠬᠤ ᠬᠦᠮᠦᠨ ᠣᠯᠡᠨ᠂ ᠡᠷᠬᠡᠪᠰᠢ ᠺᠣᠳ᠋ ᠰᠢᠷᠪᠢᠬᠦ ᠂ ᠪᠡᠶ᠎ᠡ ᠶᠢᠨ ᠬᠠᠯᠠᠭᠤᠨ ᠢ ᠬᠡᠮᠵᠢᠬᠦ ᠂ ᠠᠮᠠᠪᠴᠢ ᠵᠡᠭᠦᠬᠦ ᠵᠡᠷᠭᠡ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠲᠤᠭᠤᠰᠢᠲᠠᠢ ᠵᠢᠷᠤᠮᠯᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠠᠮᠤᠷ ᠲᠦᠪᠰᠢᠨ ᠡᠮᠬᠢ ᠵᠢᠷᠤᠮ ᠲᠠᠢ ᠡᠵᠡᠩᠨᠡᠬᠦ ᠶᠢ ᠪᠠᠲᠤᠯᠠᠬᠤ ᠬᠡᠷᠡᠭᠲᠡᠢ᠃ ᠪᠠᠶᠠᠷ ᠤᠨ ᠡᠳᠦᠷ ᠤᠨ ᠬᠤᠭᠤᠴᠠᠭᠠᠨ ᠳᠠᠬᠢ ᠥᠷᠭᠡᠨ ᠤᠯᠠᠨ ᠬᠤᠳᠠ ᠶᠢᠨ ᠠᠷᠠᠳ ᠤᠨ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠬᠡᠷᠡᠭᠴᠡᠭᠡ ᠶᠢ ᠪᠦᠬᠦ ᠬᠦᠴᠦᠨ ᠢᠶᠠᠷ ᠢᠶᠠᠨ ᠪᠠᠲᠤᠯᠠᠵᠤ ᠂ ᠠᠮᠤ ᠭᠤᠯᠢᠷ ᠲᠣᠰᠣ ᠂ ᠮᠢᠬ᠎ᠠ ᠥᠨᠳᠡᠭᠡ ᠰᠦ᠂ ᠢᠳᠡᠰᠢᠨ ᠨᠣᠭᠤᠭ᠎ᠠ ᠵᠡᠷᠭᠡ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠬᠠᠩᠭᠠᠯᠭ᠎ᠠ ᠭᠦᠢᠴᠡᠳ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠃
1_副本.jpg
      ᠲᠣᠭᠤᠷᠢᠭ ᠤᠨ ᠭᠠᠯ ᠤᠨᠲᠠᠷᠠᠭᠠᠬᠤ ᠠᠩᠭᠢ ᠳᠤ ᠂ ᠼᠤᠤ ᡁᠢ ᠶᠦᠩ ᠭᠠᠯ ᠤᠨᠲᠠᠷᠠᠭᠠᠬᠤ ᠲᠥᠬᠦᠭᠡᠷᠦᠮᠵᠢ ᠶᠢᠨ ᠲᠣᠬᠢᠷᠠᠭᠤᠯᠤᠯᠲᠠ ᠂ ᠡᠩᠨᠡᠭᠡᠨ ᠤ ᠪᠠᠶᠢᠭᠤᠯᠤᠯᠲᠠ ᠪᠣᠯᠣᠨ ᠪᠡᠯᠡᠳᠬᠡᠯ ᠵᠢᠵᠢᠭᠦᠷᠯᠡᠯ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠪᠠ ᠃ ᠲᠡᠷᠡ᠂ ᠦᠷᠭᠡᠨ ᠣᠯᠡᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯᠲᠠᠳ ᠠᠮᠠᠷᠠᠬᠤ ᠪᠠᠨ ᠪᠣᠯᠢᠨ ᠠᠵᠢᠯ ᠤᠨ ᠪᠠᠶᠢᠷᠢ ᠪᠠᠨ ᠪᠠᠲᠤ ᠰᠠᠬᠢᠵᠤ᠂ ᠥᠪᠡᠷ ᠤᠨ ᠬᠤᠪᠢ ᠨᠡᠮᠡᠷᠢ ᠪᠣᠯᠣᠨ ᠰᠢᠷᠭᠠᠭᠤ ᠬᠥᠳᠡᠯᠮᠦᠷᠢ ᠪᠠᠷ ᠢᠶᠠᠨ ᠪᠠᠶᠠᠷ ᠤᠨ ᠡᠳᠦᠷ ᠤᠨ ᠡᠶ᠎ᠡ ᠵᠣᠬᠢᠴᠠᠯ ᠪᠣᠯᠣᠨ ᠠᠮᠤᠷ ᠲᠠᠶᠢᠪᠤᠩ ᠎ ᠢ ᠰᠠᠬᠢᠨ ᠬᠠᠮᠠᠭᠠᠯᠠᠵᠤ ᠪᠠᠶᠢᠨ᠎ᠠ ᠭᠡᠵᠡᠢ᠃ ᠲᠡᠷᠡ ᠂ ᠤᠯᠠᠨ ᠢ ᠢᠷᠠᠭᠤ ᠠᠯᠳᠠᠷᠲᠤ ᠤᠯᠠᠮᠵᠢᠯᠠᠯ ᠢᠶᠠᠨ ᠤᠯᠠᠮ ᠪᠠᠳᠠᠷᠠᠭᠤᠯᠵᠤ ᠂ ᠪᠠᠴᠢᠮ ᠪᠠᠶᠢᠳᠠᠯ ᠢ ᠠᠷᠭᠠᠴᠠᠬᠤ ᠪᠠᠶᠢᠩᠭᠤ ᠪᠡᠯᠡᠳᠬᠡᠯ ᠲᠠᠢ ᠪᠠᠶᠢᠵᠤ᠂ ᠠᠰᠠᠭᠤᠳᠠᠯ ᠢ ᠬᠠᠮᠤᠭ ᠲᠡᠷᠢᠭᠦᠨ ᠳᠤ ᠢᠯᠡᠷᠡᠭᠦᠯᠦᠨ ᠰᠢᠢᠳᠪᠦᠷᠢᠯᠡᠬᠦ ᠶᠢ ᠪᠡᠶᠡᠯᠡᠭᠦᠯᠦᠨ᠂ ᠪᠦᠬᠦ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠠᠷᠠᠳ ᠤᠯᠠᠨ ᠤ ᠡᠷᠡᠭᠦᠯ ᠮᠡᠨᠳᠦ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠢ ᠭᠡᠵᠦ ᠵᠣᠷᠢᠭᠵᠢᠭᠤᠯᠪᠠ ᠃
2_副本.jpg
      ᠤᠯᠠᠭᠠᠨᠬᠠᠳᠠ ᠶᠢᠨ ᠾᠧᠦ ᠿᠦᠨ ᠮᠠᠰᠢᠨ ᠮᠧᠬᠠᠨᠢᠭ ᠤᠨ ᠬᠢᠵᠠᠭᠠᠷᠲᠤ ᠺᠣᠮᠫᠠᠨᠢ ᠂ ᠤᠯᠠᠭᠠᠨᠬᠠᠳᠠ ᠶᠢᠨ ᠶᠤᠸᠠᠨ ᠪᠦᠦ ᠱᠠᠨ ᠲᠣᠭᠤᠷᠢᠭ ᠤᠨ ᠮᠦ ᠲᠠᠢ ᠶᠤᠸᠠᠨ ᠲᠡᠮᠦᠷᠯᠢᠭ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠳᠤ ᠂ ᠼᠤᠤ ᡁᠢ ᠶᠦᠩ ᠦᠢᠯᠡᠳᠪᠦᠷᠢᠯᠡᠯ ᠤᠨ ᠲᠠᠰᠤᠭ ᠲᠤ ᠬᠦᠷᠴᠦ ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠪᠠᠶᠢᠳᠠᠯ ᠢ ᠨᠠᠷᠢᠨ ᠣᠶᠢᠯᠠᠭᠠᠪᠠ ᠃ ᠲᠡᠷᠡ ᠂ ᠠᠵᠤ ᠠᠬᠤᠶᠢᠯᠠᠯ ᠤᠨ ᠬᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ ᠂ ᠡᠯ᠎ᠡ ᠲᠦᠷᠦᠯ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠲᠣᠭᠲᠠᠪᠤᠷᠢᠲᠠᠢ᠂  ᠦᠷᠭᠦᠯᠵᠢᠯᠡᠭᠰᠡᠨ᠂ ᠠᠶᠤᠯᠭᠦᠢ ᠦᠢᠯᠡᠳᠪᠦᠷᠢᠯᠡᠯ ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ ᠃
3_副本.jpg
      ᠲᠣᠭᠤᠷᠢᠭ ᠤᠨ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠲᠤ ᠂ ᠼᠤᠤ ᡁᠢ ᠶᠦᠩ ᠣᠳᠣᠬᠠᠨ ᠤ ᠮᠠᠨ ᠤ ᠲᠣᠭᠤᠷᠢᠭ ᠤᠨ ᠲᠤᠰᠠᠭᠠᠷᠯᠠᠬᠤ ᠲᠠᠯᠠᠪᠤᠷ ᠤᠨ ᠠᠵᠢᠯ ᠤᠨ ᠪᠠᠶᠢᠳᠠᠯ ᠵᠢᠴᠢ ᠬᠥᠮᠥᠰ ᠢ ᠲᠤᠰᠠᠭᠠᠷᠯᠠᠨ ᠬᠠᠮᠢᠶᠠᠷᠴᠤ ᠪᠠᠶᠢᠭ᠎ᠠ ᠪᠠᠶᠢᠳᠠᠯ ᠢ ᠯᠠᠪᠯᠠᠨ ᠠᠰᠠᠭᠤᠬᠤ ᠶᠢᠨ ᠬᠠᠮᠲᠤ ᠬᠢᠵᠢᠭ ᠢ ᠰᠡᠷᠭᠡᠶᠢᠯᠡᠬᠦ ᠡᠮᠦᠨ᠎ᠡ ᠹᠷᠣᠨᠲ ᠤᠨ ᠠᠵᠢᠯᠲᠠᠳ ᠲᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ ᠂ ᠰᠡᠷᠭᠡᠶᠢᠯᠡᠨ ᠬᠠᠮᠠᠭᠠᠯᠠᠯᠲᠠ ᠶᠢ ᠡᠷᠬᠡᠪᠰᠢ ᠰᠠᠶᠢᠲᠤᠷ ᠬᠢᠵᠦ᠂ ᠦᠪᠡᠷ ᠤᠨ ᠪᠡᠶ᠎ᠡ ᠶᠢᠨ ᠠᠮᠤᠷ ᠲᠦᠪᠰᠢᠨ ᠢᠶᠠᠨ ᠴᠦ ᠪᠠᠲᠤᠯᠠᠬᠤ ᠬᠡᠷᠡᠭᠲᠡᠢ ᠭᠡᠵᠦ ᠵᠠᠬᠢᠨ ᠰᠠᠨᠠᠭᠤᠯᠪᠠ᠃ ᠲᠡᠷᠡ ᠂ ᠲᠤᠰᠠᠭᠠᠷᠯᠠᠬᠤ ᠴᠡᠭ ᠤᠨ ᠡᠯ᠎ᠡ ᠵᠦᠢᠯ ᠤᠨ ᠬᠠᠮᠢᠶᠠᠷᠤᠯᠲᠠ ᠶᠢᠨ ᠶᠠᠪᠤᠴᠠ ᠶᠢ ᠵᠢᠷᠤᠮᠵᠢᠭᠤᠯᠤᠨ ᠨᠠᠶᠢᠳᠠᠪᠤᠷᠢᠵᠢᠭᠤᠯᠵᠤ ᠂ ᠭᠤᠣᠯᠳᠠᠯᠭ᠎ᠠ ᠲᠠᠢ ᠬᠥᠮᠥᠰ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ ᠂ ᠲᠤᠰᠠᠭᠠᠷᠯᠠᠬᠤ ᠬᠥᠮᠥᠰ ᠤᠨ ᠲᠤᠰᠠᠭᠠᠷᠯᠠᠬᠤ ᠬᠤᠭᠤᠴᠠᠭ᠎ᠠ ᠪᠠᠨ ᠡᠷᠡᠭᠦᠯ ᠮᠡᠨᠳᠦ ᠠᠮᠤᠷ ᠲᠦᠪᠰᠢᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃
4_副本.jpg
      ᠪᠠᠶᠢᠴᠠᠭᠠᠯᠲᠠ ᠶᠢᠨ ᠬᠤᠭᠤᠴᠠᠭᠠᠨ ᠳᠤ᠂ ᠼᠤᠤ ᡁᠢ ᠶᠦᠩ ︽ ᠳᠥᠷᠪᠡ ᠶᠢ ᠦᠭᠡᠶᠢᠰᠬᠡᠵᠦ ᠬᠤᠶᠠᠷ ᠢ ᠰᠢᠭᠤᠳ ᠭᠦᠢᠴᠡᠳᠬᠡᠬᠦ ︾ ᠠᠷᠭ᠎ᠠ ᠬᠡᠯᠪᠡᠷᠢ ᠶᠢ ᠠᠪᠴᠤ᠂ ᠫᠢᠩ ᠵᠤᠸᠠᠩ ᠬᠤᠲᠠ ᠲᠣᠭᠤᠷᠢᠭ ᠤᠨ ᠵᠡᠭᠡᠯᠢ ᠭᠤᠳᠤᠮᠵᠢ ᠶᠢᠨ ᠰᠢᠩ ᠬᠠᠢ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠨᠡᠶᠢᠭᠡᠮ ᠲᠣᠭᠤᠷᠢᠭ ᠤᠨ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠵᠢᠴᠢ ᠬᠦᠮᠦᠰ ᠢ ᠬᠠᠮᠢᠶᠠᠷᠴᠦ ᠪᠠᠶᠢᠭ᠎ᠠ ᠪᠠᠶᠢᠳᠠᠯ ᠳᠤ ᠪᠠᠶᠢᠴᠠᠭᠠᠯᠲᠠ ᠬᠢᠪᠡ᠃ ᠲᠡᠷᠡ ᠂ ᠪᠠᠶᠠᠷ ᠤᠨ ᠡᠳᠦᠷ ᠤᠨ ᠬᠤᠭᠤᠴᠠᠭᠠᠨ ᠳᠤ ᠬᠥᠮᠥᠰ ᠤᠨ ᠶᠠᠪᠤᠵᠤ ᠰᠠᠭᠤᠬᠤ ᠣᠯᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠥᠬᠡᠨ ᠴᠦ ᠰᠤᠯᠠᠷᠠᠭᠤᠯᠵᠤ ᠪᠣᠯᠬᠤ ᠦᠭᠡᠢ ᠂ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠬᠤ  ᠬᠡᠷᠡᠭᠲᠡᠢ᠂ ᠳᠡᠭᠡᠳᠦ ᠱᠠᠲᠤᠨ ᠤ ᠨᠠᠮ ᠤᠨ ᠬᠤᠷᠢᠶᠠᠨ ᠤ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠡᠯ᠎ᠡ ᠲᠦᠷᠦᠯ ᠤᠨ ᠨᠤᠲᠤᠭ ᠲᠠᠭᠠᠨ ᠪᠤᠴᠠᠭᠰᠠᠨ ᠬᠥᠮᠥᠰ ᠤᠨ ᠰᠤᠷᠠᠭ ᠵᠠᠩᠭᠢ ᠶᠢ ᠪᠦᠬᠦ ᠲᠠᠯ᠎ᠠ ᠪᠠᠷ ᠲᠣᠳᠣᠷᠬᠠᠢ ᠥᠢᠯᠠᠭᠠᠨ᠂ ᠬᠦᠳᠡᠯᠦᠩᠭᠦᠢ ᠪᠠᠶᠢᠳᠠᠯ ᠢ ᠢᠮᠠᠭᠲᠠ ᠡᠵᠡᠮᠰᠢᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠢ ᠪᠥᠭᠡᠳ ᠨᠠᠷᠢᠨ ᠠᠳᠬᠤᠵᠤ ᠂ ᠬᠢᠵᠢᠭ ᠤᠨ ᠪᠠᠶᠢᠳᠠᠯ ᠎ ᠤᠨ ᠰᠡᠷᠭᠡᠶᠢᠯᠡᠯᠲᠡ ᠶᠢᠨ ᠱᠤᠭᠤᠮ ᠢ ᠡᠷᠡᠰ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ ᠃   
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1