| ᠥᠷᠭᠡᠨ ᠤᠯᠠᠨ ᠠᠵᠢᠯ ᠶᠠᠪᠤᠳᠠᠯ ᠭᠦᠢᠴᠡᠳᠬᠡᠬᠦ ᠠᠷᠠᠳ ᠢᠷᠭᠡᠳ ᠪᠣᠯᠤᠨ ᠠᠵᠤ ᠠᠬᠤᠶᠢᠯᠠᠯ ᠳᠤ ᠄ | ᠤᠯᠠᠭᠠᠨᠬᠠᠳᠠ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ︵ ﹇2022 ﹈ 26 ᠳ᠋ᠤᠭᠠᠷ ᠲᠣᠭᠠᠲᠤ︶ | ᠵᠠᠷᠯᠠᠯ ᠤᠨ ᠱᠠᠭᠠᠷᠳᠠᠯᠭ᠎ᠠ ᠶᠢ ᠦᠨᠳᠦᠰᠦᠯᠡᠨ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠡᠮᠬᠢ | ᠵᠢᠷᠤᠮ ᠲᠠᠢ ᠪᠠᠷ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ ᠨᠢᠭᠡᠳᠦᠯᠲᠡᠢ ᠲᠦᠯᠦᠪᠵᠢᠭᠦᠯᠬᠦ ᠶᠢᠨ ᠲᠦᠯᠦᠭᠡ ᠂ 6 | ᠰᠠᠷ᠎ᠠ ᠶᠢᠨ 14 ᠤ ᠡᠳᠦᠷ ᠠᠴᠠ ᠡᠬᠢᠯᠡᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠨᠢ | ᠬᠡᠪ ᠤᠨ ᠪᠠᠶᠢᠳᠠᠯ ᠢᠶᠠᠨ ᠰᠡᠷᠭᠦᠭᠡᠨ ᠠᠵᠢᠯᠯᠠᠬᠤ ᠪᠠᠷ ᠪᠣᠯᠵᠤ ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ | ᠮᠡᠲᠦ ᠵᠠᠷᠯᠠᠶ᠎ᠠ᠄ | ᠨᠢᠭᠡ᠂ ᠰᠡᠷᠭᠦᠭᠡᠨ ᠠᠵᠢᠯᠯᠠᠬᠤ ᠴᠠᠭ | 2022 ᠣᠨ ᠤ 6 ᠰᠠᠷ᠎ᠠ ᠶᠢᠨ 14 ᠤ ᠡᠳᠦᠷ ᠠᠴᠠ ᠡᠬᠢᠯᠡᠨ ᠠᠵᠢᠯ ᠶᠠᠪᠤᠳᠠᠯ | ᠬᠦᠢᠴᠡᠳᠬᠡᠬᠦ ᠪᠠᠨ ᠰᠡᠷᠭᠦᠭᠡᠵᠦ᠂ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠳᠤ | ᠦᠳᠡ ᠶᠢᠨ ᠡᠮᠦᠨᠡᠬᠢ 8᠄ 30 ︱ 12᠄ 00᠂ ᠦᠳᠡ ᠶᠢᠨ ᠬᠤᠶᠢᠨᠠᠬᠢ 14᠄ 30 ︱ 17᠄ 00 ᠤᠨ | ᠬᠤᠭᠤᠷᠤᠨᠳᠤ ᠠᠵᠢᠯᠯᠠᠬᠤ ᠪᠣᠯᠤᠨ᠎ᠠ᠃ | ᠬᠤᠶᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ | ᠬᠡᠷᠡᠭᠲᠡᠢ ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠠᠵᠢᠯ ᠶᠠᠪᠤᠳᠠᠯ ᠭᠦᠢᠴᠡᠳᠬᠡᠬᠦ ᠪᠠᠷ ᠢᠷᠡᠬᠦ ᠪᠦᠬᠦ | ᠬᠥᠮᠥᠰ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠡᠷᠬᠡᠪᠰᠢ ᠰᠠᠶᠢᠲᠤᠷ | ᠨᠠᠶᠢᠳᠠᠪᠤᠷᠢᠵᠢᠭᠤᠯᠵᠤ᠂ ︽ᠬᠡᠮᠵᠢᠶ᠎ᠡ ᠶᠢ ᠬᠢᠵᠠᠭᠠᠷᠯᠠᠬᠤ᠂ ᠤᠷᠢᠳᠴᠢᠯᠠᠨ ᠪᠣᠯᠵᠣᠬᠤ᠂ ᠬᠦᠮᠦᠨ ᠣᠯᠡᠨ ᠦᠶ᠎ᠡ ᠠᠴᠠ | ᠵᠥᠷᠢᠭᠦᠯᠬᠦ᠂ ᠪᠡᠶ᠎ᠡ ᠶᠢᠨ ᠬᠠᠯᠠᠭᠤᠨ ᠢ ᠬᠡᠮᠵᠢᠬᠦ᠂ ᠺᠣᠳ᠋ ᠰᠢᠷᠪᠢᠬᠦ᠂ ᠺᠣᠳ᠋ ᠪᠠᠶᠢᠴᠠᠭᠠᠬᠤ ︾ ᠵᠡᠷᠭᠡ ᠱᠠᠭᠠᠷᠳᠠᠯᠭ᠎ᠠ ᠶᠢ | ᠴᠢᠩᠭ᠎ᠠ ᠵᠢᠷᠤᠮᠯᠠᠬᠤ ᠬᠡᠷᠡᠭᠲᠡᠢ᠃ ᠲᠢᠩᠬᠢᠮ ᠤᠨ ᠡᠭᠦᠳᠡ ᠪᠠᠷ ᠣᠷᠤᠬᠤ ᠦᠶ᠎ᠡ ᠳᠤ ᠱᠠᠭᠠᠷᠳᠠᠯᠭ᠎ᠠ ᠶᠣᠰᠣᠭᠠᠷ ᠪᠥᠭᠡᠮ | ᠬᠦᠴᠢᠯ ᠤᠨ ᠪᠠᠶᠢᠴᠠᠭᠠᠯᠲᠠ ᠬᠢᠭᠰᠡᠨ ᠲᠡᠮᠳᠡᠭ ︵ᠪᠤᠶᠤ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ | ᠭᠡᠷᠡᠴᠢ︶ ᠵᠢᠴᠢ ᠡᠷᠡᠭᠦᠯ ᠮᠡᠨᠳᠦ ᠶᠢᠨ ᠺᠣᠳ᠋᠂ ᠵᠠᠮ ᠮᠦᠷ ᠤᠨ ᠺᠣᠳ᠋᠂ ᠣᠷᠤᠨ ᠲᠠᠯᠠᠪᠤᠷ ᠤᠨ ᠺᠣᠳ᠋ ᠢᠶᠠᠨ | ᠦᠵᠡᠭᠦᠯᠵᠦ᠂ ᠪᠤᠰᠤᠳ ᠬᠤᠰᠢᠭᠤ ᠰᠢᠶᠠᠨ ᠲᠣᠭᠤᠷᠢᠭ ᠠᠴᠠ ᠢᠷᠡᠭᠰᠡᠨ ᠬᠦᠮᠦᠰ 48 ᠴᠠᠭ ᠤᠨ ᠳᠣᠲᠤᠷᠠᠬᠢ 2 | ᠤᠳᠠᠭᠠᠨ ᠤ ︵ ᠬᠤᠭᠤᠷᠤᠨᠳᠣ ᠪᠠᠨ 24 ᠴᠠᠭ ᠠᠴᠠ ᠳᠡᠭᠡᠭᠰᠢ ᠠᠯᠤᠰᠯᠠᠭᠰᠠᠨ︶ ᠪᠥᠭᠡᠮ ᠬᠦᠴᠢᠯ ᠤᠨ | ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠬᠠᠩᠭᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠱᠠᠭᠠᠷᠳᠠᠯᠭ᠎ᠠ ᠶᠣᠰᠣᠭᠠᠷ ᠲᠢᠩᠬᠢᠮ ᠤᠨ ᠠᠵᠢᠯᠲᠠᠳ ᠲᠠᠢ ᠬᠠᠮᠵᠢᠯᠴᠠᠨ᠂ ᠪᠡᠶ᠎ᠡ ᠶᠢᠨ ᠬᠠᠯᠠᠭᠤᠨ ᠢᠶᠠᠨ | ᠬᠡᠮᠵᠢᠭᠦᠯᠬᠦ ᠂ ᠺᠣᠳ᠋ ᠰᠢᠷᠪᠢᠬᠦ ᠵᠡᠷᠭᠡ ᠠᠵᠢᠯ ᠢ ᠰᠠᠶᠢᠲᠤᠷ ᠪᠡᠶᠡᠯᠡᠭᠦᠯᠵᠦ ᠂ ᠠᠵᠢᠯ ᠶᠠᠪᠤᠳᠠᠯ ᠢᠶᠠᠨ ᠭᠦᠢᠴᠡᠳᠬᠡᠬᠦ | ᠪᠥᠬᠦ ᠶᠠᠪᠤᠴᠠ ᠳᠤ ᠡᠷᠬᠡᠪᠰᠢ ᠠᠮᠠᠪᠴᠢ ᠵᠡᠭᠦᠨ ᠂ ᠪᠤᠰᠤᠳ ᠬᠥᠮᠥᠨ ᠲᠠᠢ 1 ᠮᠧᠲᠷ ᠠᠴᠠ ᠳᠡᠭᠡᠭᠰᠢ ᠠᠮᠤᠷ | ᠲᠦᠪᠰᠢᠨ ᠤ ᠵᠠᠢ ᠶᠢ ᠪᠠᠷᠢᠮᠲᠠᠯᠠᠬᠤ ᠬᠡᠷᠡᠭᠲᠡᠢ ᠃ ᠠᠯᠢ ᠴᠢᠳᠠᠬᠤ ᠪᠠᠷ ᠲᠢᠩᠬᠢᠮ ᠳᠤ ᠪᠠᠶᠢᠬᠤ ᠴᠠᠭ ᠢᠶᠠᠨ ᠪᠠᠭᠠᠰᠬᠠᠵᠤ᠂ | ᠠᠵᠢᠯ ᠶᠠᠪᠤᠳᠠᠯ ᠢᠶᠠᠨ ᠲᠠᠷᠤᠢ ᠭᠦᠢᠴᠡᠳᠬᠡᠨ ᠳᠠᠷᠤᠢ ᠲᠢᠩᠬᠢᠮ ᠠᠴᠠ ᠰᠠᠯᠵᠤ ᠂ ᠰᠣᠯᠪᠢᠴᠠᠨ ᠬᠠᠯᠳᠠᠪᠤᠷᠢᠯᠠᠬᠤ | ᠠᠶᠤᠯ ᠢ ᠰᠡᠷᠭᠡᠶᠢᠯᠡᠨ ᠪᠠᠭᠠᠰᠬᠠᠬᠤ ᠬᠡᠷᠡᠭᠲᠡᠢ ᠃ ᠣᠯᠠᠨ ᠨᠡᠶᠢᠲᠡ ᠶᠢᠨ ᠲᠠᠯᠠᠪᠤᠷ ᠲᠤ ᠭᠥᠯᠢᠶᠡᠨ ᠠᠪᠬᠤ ᠬᠥᠮᠥᠰ ᠢ | ᠪᠠᠭᠲᠠᠭᠠᠮᠵᠢ ᠶᠢᠨ ᠬᠡᠮᠵᠢᠶ᠎ᠡ ᠶᠢᠨ 50% ᠠᠴᠠ ᠬᠡᠲᠦᠷᠡᠭᠦᠯᠵᠦ ᠪᠣᠯᠬᠤ ᠦᠭᠡᠢ ᠭᠡᠬᠦ ᠠᠵᠢᠯ ᠤᠨ ᠱᠠᠭᠠᠷᠳᠠᠯᠭ᠎ᠠ | ᠶᠣᠰᠤᠭᠠᠷ ᠂ ᠬᠡᠷᠪᠡ ᠬᠥᠮᠥᠨ ᠬᠡᠲᠦ ᠣᠯᠡᠨ ᠪᠣᠯ ᠬᠢᠵᠠᠭᠠᠷᠯᠠᠬᠤ ᠠᠷᠭ᠎ᠠ ᠬᠡᠮᠵᠢᠶ᠎ᠡ ᠠᠪᠴᠤ᠂ ᠬᠦᠮᠦᠰ | ᠴᠤᠭᠯᠠᠷᠠᠬᠤ ᠶᠢ ᠴᠢᠩᠭ᠎ᠠ ᠰᠡᠷᠭᠡᠶᠢᠯᠡᠨ᠎ᠡ᠃ ᠬᠤᠲᠠ ᠶᠢᠨ ᠭᠠᠳᠠᠨ᠎ᠠ ᠠᠴᠠ ᠢᠷᠡᠭᠰᠡᠨ ︵ᠪᠤᠴᠠᠵᠤ ᠢᠷᠡᠭᠰᠡᠨ︶ | ᠬᠥᠮᠥᠰ ᠢ ᠦᠷᠭᠦᠯᠵᠢᠯᠡᠨ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ | ᠭᠠᠵᠠᠷ ᠤᠨ 17 ᠳ᠋ᠤᠭᠠᠷ ᠲᠣᠭᠠᠲᠤ ᠵᠠᠷᠯᠠᠯ ᠶᠣᠰᠤᠭᠠᠷ ᠬᠠᠮᠢᠶᠠᠷᠤᠨ ᠡᠵᠡᠮᠳᠡᠨ᠎ᠡ᠃ | ᠭᠤᠷᠪᠠ ᠂ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠶᠢ ᠰᠠᠨᠠᠭᠠᠴᠢᠯᠠᠨ᠎ᠠ ᠃ | ᠬᠥᠮᠥᠰ ᠤᠨ ᠨᠠᠭᠠᠰᠢ ᠴᠠᠭᠠᠰᠢ ᠶᠠᠪᠤᠵᠤ ᠰᠠᠭᠤᠨ ᠴᠤᠭᠯᠠᠷᠠᠬᠤ ᠶᠢ ᠪᠠᠭᠠᠰᠬᠠᠬᠤ ᠶᠢᠨ ᠲᠥᠯᠥᠭᠡ᠂ ᠡᠩ | ᠲᠡᠷᠢᠭᠦᠨ ᠳᠤ ︽ᠰᠦᠯᠵᠢᠶᠡᠨ ᠳᠡᠭᠡᠷ᠎ᠡ ᠭᠦᠢᠴᠡᠳᠬᠡᠬᠦ᠂ ᠠᠯᠠᠭᠠᠨ ᠳᠡᠭᠡᠷ᠎ᠡ ᠪᠠᠨ ᠭᠦᠢᠴᠡᠳᠬᠡᠬᠦ᠂ ᠦᠪᠡᠷ ᠢᠶᠠᠨ | ᠭᠦᠢᠴᠡᠳᠬᠡᠬᠦ︾ ᠵᠡᠷᠭᠡ ᠦᠯᠦ ᠬᠦᠷᠦᠯᠴᠡᠬᠦ ᠠᠷᠭ᠎ᠠ ᠮᠠᠶ᠋ᠢᠭ ᠢᠶᠠᠷ ᠠᠵᠢᠯ ᠶᠠᠪᠤᠳᠠᠯ ᠢᠶᠠᠨ ᠭᠦᠢᠴᠡᠳᠬᠡᠬᠦ ᠶᠢ | ᠰᠠᠨᠠᠭᠤᠯᠵᠤ ᠪᠠᠶᠢᠨ᠎ᠠ ᠃ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ︽ᠥᠪᠥᠷ ᠮᠣᠩᠭᠤᠯ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ︾ ᠳᠤ ᠭᠠᠷᠬᠤ ᠪᠤᠶᠤ ︽ ᠮᠦᠩᠬᠡ ᠰᠣᠪᠠᠭ︾ APP ᠶᠢ ᠭᠠᠷ | ᠤᠳᠠᠰᠤᠨ ᠳᠤ ᠪᠠᠨ ᠪᠠᠭᠤᠯᠭᠠᠨ ᠠᠪᠬᠤ ᠪᠠᠷ ᠳᠠᠮᠵᠢᠨ ᠰᠦᠯᠵᠢᠶᠡᠨ ᠳᠡᠭᠡᠷ᠎ᠡ ᠡᠷᠡᠮᠡᠯᠵᠡᠯᠡᠬᠦ ᠂ ᠠᠰᠠᠭᠤᠨ ᠯᠠᠪᠯᠠᠬᠤ ᠪᠠ | ᠭᠦᠢᠴᠡᠳᠬᠡᠵᠦ ᠪᠣᠯᠣᠨ᠎ᠠ᠃ | ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠡᠷᠪᠡ ᠲᠣᠬᠢᠷᠠᠭᠤᠯᠤᠯᠲᠠ ᠬᠢᠬᠦ ᠳᠤ | ᠬᠦᠷᠪᠡᠯ ᠠᠰ ᠲᠤᠨᠢ ᠮᠡᠳᠡᠭᠳᠡᠨ᠎ᠡ ᠃ | | ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ | ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | 2022 ᠣᠨ ᠤ 6 ᠰᠠᠷ᠎ᠠ ᠶᠢᠨ 13 ᠤ ᠡᠳᠦᠷ | | | |