ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠬᠡᠪ ᠤᠨ ᠪᠠᠶᠢᠳᠠᠯ ᠢᠶᠠᠨ ᠰᠡᠷᠭᠦᠭᠡᠨ ᠠᠵᠢᠯᠯᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2022/6/13
 ᠥᠷᠭᠡᠨ ᠤᠯᠠᠨ ᠠᠵᠢᠯ ᠶᠠᠪᠤᠳᠠᠯ ᠭᠦᠢᠴᠡᠳᠬᠡᠬᠦ ᠠᠷᠠᠳ ᠢᠷᠭᠡᠳ ᠪᠣᠯᠤᠨ ᠠᠵᠤ ᠠᠬᠤᠶᠢᠯᠠᠯ ᠳᠤ ᠄     ᠤᠯᠠᠭᠠᠨᠬᠠᠳᠠ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ︵ ﹇2022 ﹈ 26 ᠳ᠋ᠤᠭᠠᠷ ᠲᠣᠭᠠᠲᠤ︶᠎  ᠵᠠᠷᠯᠠᠯ ᠤᠨ ᠱᠠᠭᠠᠷᠳᠠᠯᠭ᠎ᠠ ᠶᠢ ᠦᠨᠳᠦᠰᠦᠯᠡᠨ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠡᠮᠬᠢ ᠵᠢᠷᠤᠮ ᠲᠠᠢ ᠪᠠᠷ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ ᠨᠢᠭᠡᠳᠦᠯᠲᠡᠢ ᠲᠦᠯᠦᠪᠵᠢᠭᠦᠯᠬᠦ ᠶᠢᠨ ᠲᠦᠯᠦᠭᠡ ᠂ 6 ᠰᠠᠷ᠎ᠠ ᠶᠢᠨ 14᠎ ᠤ ᠡᠳᠦᠷ ᠠᠴᠠ ᠡᠬᠢᠯᠡᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠎ ᠨᠢ ᠬᠡᠪ ᠤᠨ ᠪᠠᠶᠢᠳᠠᠯ ᠢᠶᠠᠨ ᠰᠡᠷᠭᠦᠭᠡᠨ ᠠᠵᠢᠯᠯᠠᠬᠤ ᠪᠠᠷ ᠪᠣᠯᠵᠤ ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄     ᠨᠢᠭᠡ᠂  ᠰᠡᠷᠭᠦᠭᠡᠨ ᠠᠵᠢᠯᠯᠠᠬᠤ ᠴᠠᠭ     2022 ᠣᠨ ᠤ 6 ᠰᠠᠷ᠎ᠠ ᠶᠢᠨ 14᠎ ᠤ ᠡᠳᠦᠷ ᠠᠴᠠ ᠡᠬᠢᠯᠡᠨ ᠠᠵᠢᠯ ᠶᠠᠪᠤᠳᠠᠯ ᠬᠦᠢᠴᠡᠳᠬᠡᠬᠦ ᠪᠠᠨ ᠰᠡᠷᠭᠦᠭᠡᠵᠦ᠂ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠳᠤ ᠦᠳᠡ ᠶᠢᠨ ᠡᠮᠦᠨᠡᠬᠢ 8᠄ 30 ︱ 12᠄ 00᠂ ᠦᠳᠡ ᠶᠢᠨ ᠬᠤᠶᠢᠨᠠᠬᠢ 14᠄ 30 ︱ 17᠄ 00᠎ ᠤᠨ ᠬᠤᠭᠤᠷᠤᠨᠳᠤ ᠠᠵᠢᠯᠯᠠᠬᠤ ᠪᠣᠯᠤᠨ᠎ᠠ᠃     ᠬᠤᠶᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠃     ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠠᠵᠢᠯ ᠶᠠᠪᠤᠳᠠᠯ ᠭᠦᠢᠴᠡᠳᠬᠡᠬᠦ ᠪᠠᠷ ᠢᠷᠡᠬᠦ ᠪᠦᠬᠦ ᠬᠥᠮᠥᠰ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠡᠷᠬᠡᠪᠰᠢ ᠰᠠᠶᠢᠲᠤᠷ ᠨᠠᠶᠢᠳᠠᠪᠤᠷᠢᠵᠢᠭᠤᠯᠵᠤ᠂ ︽ᠬᠡᠮᠵᠢᠶ᠎ᠡ ᠶᠢ ᠬᠢᠵᠠᠭᠠᠷᠯᠠᠬᠤ᠂ ᠤᠷᠢᠳᠴᠢᠯᠠᠨ ᠪᠣᠯᠵᠣᠬᠤ᠂  ᠬᠦᠮᠦᠨ ᠣᠯᠡᠨ ᠦᠶ᠎ᠡ ᠠᠴᠠ ᠵᠥᠷᠢᠭᠦᠯᠬᠦ᠂ ᠪᠡᠶ᠎ᠡ ᠶᠢᠨ ᠬᠠᠯᠠᠭᠤᠨ ᠢ ᠬᠡᠮᠵᠢᠬᠦ᠂ ᠺᠣᠳ᠋ ᠰᠢᠷᠪᠢᠬᠦ᠂ ᠺᠣᠳ᠋ ᠪᠠᠶᠢᠴᠠᠭᠠᠬᠤ ︾ ᠵᠡᠷᠭᠡ ᠱᠠᠭᠠᠷᠳᠠᠯᠭ᠎ᠠ ᠶᠢ ᠴᠢᠩᠭ᠎ᠠ ᠵᠢᠷᠤᠮᠯᠠᠬᠤ ᠬᠡᠷᠡᠭᠲᠡᠢ᠃ ᠲᠢᠩᠬᠢᠮ ᠤᠨ ᠡᠭᠦᠳᠡ ᠪᠠᠷ ᠣᠷᠤᠬᠤ ᠦᠶ᠎ᠡ ᠳᠤ ᠱᠠᠭᠠᠷᠳᠠᠯᠭ᠎ᠠ ᠶᠣᠰᠣᠭᠠᠷ ᠪᠥᠭᠡᠮ ᠬᠦᠴᠢᠯ ᠤᠨ ᠪᠠᠶᠢᠴᠠᠭᠠᠯᠲᠠ ᠬᠢᠭᠰᠡᠨ ᠲᠡᠮᠳᠡᠭ ︵ᠪᠤᠶᠤ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ︶ ᠵᠢᠴᠢ ᠡᠷᠡᠭᠦᠯ ᠮᠡᠨᠳᠦ ᠶᠢᠨ ᠺᠣᠳ᠋᠂ ᠵᠠᠮ ᠮᠦᠷ ᠤᠨ ᠺᠣᠳ᠋᠂  ᠣᠷᠤᠨ ᠲᠠᠯᠠᠪᠤᠷ ᠤᠨ ᠺᠣᠳ᠋ ᠢᠶᠠᠨ ᠦᠵᠡᠭᠦᠯᠵᠦ᠂ ᠪᠤᠰᠤᠳ ᠬᠤᠰᠢᠭᠤ ᠰᠢᠶᠠᠨ ᠲᠣᠭᠤᠷᠢᠭ ᠠᠴᠠ ᠢᠷᠡᠭᠰᠡᠨ ᠬᠦᠮᠦᠰ 48 ᠴᠠᠭ ᠤᠨ ᠳᠣᠲᠤᠷᠠᠬᠢ 2 ᠤᠳᠠᠭᠠᠨ ᠤ ︵ ᠬᠤᠭᠤᠷᠤᠨᠳᠣ ᠪᠠᠨ 24 ᠴᠠᠭ ᠠᠴᠠ ᠳᠡᠭᠡᠭᠰᠢ ᠠᠯᠤᠰᠯᠠᠭᠰᠠᠨ︶ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠬᠠᠩᠭᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ ᠲᠢᠩᠬᠢᠮ ᠤᠨ ᠠᠵᠢᠯᠲᠠᠳ ᠎ ᠲᠠᠢ ᠬᠠᠮᠵᠢᠯᠴᠠᠨ᠂ ᠪᠡᠶ᠎ᠡ ᠶᠢᠨ ᠬᠠᠯᠠᠭᠤᠨ ᠢᠶᠠᠨ ᠬᠡᠮᠵᠢᠭᠦᠯᠬᠦ ᠂ ᠺᠣᠳ᠋   ᠰᠢᠷᠪᠢᠬᠦ ᠵᠡᠷᠭᠡ ᠠᠵᠢᠯ ᠢ ᠰᠠᠶᠢᠲᠤᠷ ᠪᠡᠶᠡᠯᠡᠭᠦᠯᠵᠦ ᠂ ᠠᠵᠢᠯ ᠶᠠᠪᠤᠳᠠᠯ ᠢᠶᠠᠨ ᠭᠦᠢᠴᠡᠳᠬᠡᠬᠦ ᠪᠥᠬᠦ ᠶᠠᠪᠤᠴᠠ ᠳᠤ ᠡᠷᠬᠡᠪᠰᠢ   ᠠᠮᠠᠪᠴᠢ  ᠵᠡᠭᠦᠨ ᠂ ᠪᠤᠰᠤᠳ ᠬᠥᠮᠥᠨ ᠲᠠᠢ 1 ᠮᠧᠲᠷ ᠠᠴᠠ ᠳᠡᠭᠡᠭᠰᠢ ᠠᠮᠤᠷ ᠲᠦᠪᠰᠢᠨ ᠤ ᠵᠠᠢ ᠶᠢ ᠪᠠᠷᠢᠮᠲᠠᠯᠠᠬᠤ ᠬᠡᠷᠡᠭᠲᠡᠢ ᠃ ᠠᠯᠢ ᠴᠢᠳᠠᠬᠤ ᠪᠠᠷ ᠲᠢᠩᠬᠢᠮ ᠳᠤ ᠪᠠᠶᠢᠬᠤ ᠴᠠᠭ ᠢᠶᠠᠨ ᠪᠠᠭᠠᠰᠬᠠᠵᠤ᠂ ᠠᠵᠢᠯ ᠶᠠᠪᠤᠳᠠᠯ ᠢᠶᠠᠨ ᠲᠠᠷᠤᠢ ᠭᠦᠢᠴᠡᠳᠬᠡᠨ ᠳᠠᠷᠤᠢ ᠲᠢᠩᠬᠢᠮ ᠠᠴᠠ ᠰᠠᠯᠵᠤ ᠂ ᠰᠣᠯᠪᠢᠴᠠᠨ ᠬᠠᠯᠳᠠᠪᠤᠷᠢᠯᠠᠬᠤ ᠠᠶᠤᠯ ᠢ ᠰᠡᠷᠭᠡᠶᠢᠯᠡᠨ ᠪᠠᠭᠠᠰᠬᠠᠬᠤ ᠬᠡᠷᠡᠭᠲᠡᠢ ᠃ ᠣᠯᠠᠨ ᠨᠡᠶᠢᠲᠡ ᠶᠢᠨ ᠲᠠᠯᠠᠪᠤᠷ ᠲᠤ ᠭᠥᠯᠢᠶᠡᠨ ᠠᠪᠬᠤ ᠬᠥᠮᠥᠰ ᠢ ᠪᠠᠭᠲᠠᠭᠠᠮᠵᠢ ᠶᠢᠨ ᠬᠡᠮᠵᠢᠶ᠎ᠡ ᠶᠢᠨ 50% ᠎ ᠠᠴᠠ ᠬᠡᠲᠦᠷᠡᠭᠦᠯᠵᠦ ᠪᠣᠯᠬᠤ ᠦᠭᠡᠢ  ᠭᠡᠬᠦ ᠠᠵᠢᠯ ᠤᠨ ᠱᠠᠭᠠᠷᠳᠠᠯᠭ᠎ᠠ ᠶᠣᠰᠤᠭᠠᠷ ᠂ ᠬᠡᠷᠪᠡ ᠬᠥᠮᠥᠨ ᠬᠡᠲᠦ ᠣᠯᠡᠨ ᠪᠣᠯ ᠬᠢᠵᠠᠭᠠᠷᠯᠠᠬᠤ ᠠᠷᠭ᠎ᠠ ᠬᠡᠮᠵᠢᠶ᠎ᠡ ᠠᠪᠴᠤ᠂   ᠬᠦᠮᠦᠰ ᠴᠤᠭᠯᠠᠷᠠᠬᠤ ᠶᠢ ᠴᠢᠩᠭ᠎ᠠ ᠰᠡᠷᠭᠡᠶᠢᠯᠡᠨ᠎ᠡ᠃ ᠬᠤᠲᠠ ᠶᠢᠨ ᠭᠠᠳᠠᠨ᠎ᠠ ᠠᠴᠠ ᠢᠷᠡᠭᠰᠡᠨ ︵ᠪᠤᠴᠠᠵᠤ ᠢᠷᠡᠭᠰᠡᠨ︶ ᠬᠥᠮᠥᠰ ᠢ ᠦᠷᠭᠦᠯᠵᠢᠯᠡᠨ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ 17 ᠳ᠋ᠤᠭᠠᠷ ᠲᠣᠭᠠᠲᠤ ᠵᠠᠷᠯᠠᠯ ᠶᠣᠰᠤᠭᠠᠷ ᠬᠠᠮᠢᠶᠠᠷᠤᠨ ᠡᠵᠡᠮᠳᠡᠨ᠎ᠡ᠃     ᠭᠤᠷᠪᠠ ᠂ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠶᠢ ᠰᠠᠨᠠᠭᠠᠴᠢᠯᠠᠨ᠎ᠠ ᠃     ᠬᠥᠮᠥᠰ ᠤᠨ ᠨᠠᠭᠠᠰᠢ ᠴᠠᠭᠠᠰᠢ ᠶᠠᠪᠤᠵᠤ ᠰᠠᠭᠤᠨ ᠴᠤᠭᠯᠠᠷᠠᠬᠤ ᠶᠢ ᠪᠠᠭᠠᠰᠬᠠᠬᠤ ᠶᠢᠨ ᠲᠥᠯᠥᠭᠡ᠂ ᠡᠩ ᠲᠡᠷᠢᠭᠦᠨ ᠳᠤ ︽ᠰᠦᠯᠵᠢᠶᠡᠨ ᠳᠡᠭᠡᠷ᠎ᠡ ᠭᠦᠢᠴᠡᠳᠬᠡᠬᠦ᠂ ᠠᠯᠠᠭᠠᠨ ᠳᠡᠭᠡᠷ᠎ᠡ ᠪᠠᠨ ᠭᠦᠢᠴᠡᠳᠬᠡᠬᠦ᠂ ᠦᠪᠡᠷ ᠢᠶᠠᠨ ᠭᠦᠢᠴᠡᠳᠬᠡᠬᠦ︾ ᠵᠡᠷᠭᠡ ᠦᠯᠦ ᠬᠦᠷᠦᠯᠴᠡᠬᠦ ᠠᠷᠭ᠎ᠠ ᠮᠠᠶ᠋ᠢᠭ ᠢᠶᠠᠷ ᠠᠵᠢᠯ ᠶᠠᠪᠤᠳᠠᠯ ᠢᠶᠠᠨ ᠭᠦᠢᠴᠡᠳᠬᠡᠬᠦ ᠶᠢ ᠰᠠᠨᠠᠭᠤᠯᠵᠤ ᠪᠠᠶᠢᠨ᠎ᠠ ᠃ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ︽ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ︾᠎ ᠳᠤ ᠭᠠᠷᠬᠤ ᠪᠤᠶᠤ ︽ ᠮᠦᠩᠬᠡ ᠰᠣᠪᠠᠭ︾ APP᠎ ᠶᠢ ᠭᠠᠷ ᠤᠳᠠᠰᠤᠨ ᠳᠤ ᠪᠠᠨ ᠪᠠᠭᠤᠯᠭᠠᠨ ᠠᠪᠬᠤ ᠪᠠᠷ ᠳᠠᠮᠵᠢᠨ ᠰᠦᠯᠵᠢᠶᠡᠨ ᠳᠡᠭᠡᠷ᠎ᠡ  ᠡᠷᠡᠮᠡᠯᠵᠡᠯᠡᠬᠦ ᠂ ᠠᠰᠠᠭᠤᠨ ᠯᠠᠪᠯᠠᠬᠤ ᠪᠠ ᠭᠦᠢᠴᠡᠳᠬᠡᠵᠦ ᠪᠣᠯᠣᠨ᠎ᠠ᠃     ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠡᠷᠪᠡ ᠲᠣᠬᠢᠷᠠᠭᠤᠯᠤᠯᠲᠠ ᠬᠢᠬᠦ ᠳᠤ ᠬᠦᠷᠪᠡᠯ ᠠᠰ ᠲᠤᠨᠢ ᠮᠡᠳᠡᠭᠳᠡᠨ᠎ᠡ ᠃             ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ            ᠎ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ                 2022 ᠣᠨ ᠤ 6 ᠰᠠᠷ᠎ᠠ ᠶᠢᠨ 13᠎ ᠤ ᠡᠳᠦᠷ 
 
ᠢᠷᠡᠯᠲᠡ᠄ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1