| | ᠭᠡᠨᠡᠳᠲᠡ ᠶᠢᠨ ᠬᠢᠵᠢᠭ ᠤᠨ ᠪᠠᠶᠢᠳᠠᠯ ᠳᠤ ᠮᠠᠰᠢ ᠣᠯᠠᠨ ᠬᠥᠮᠥᠨ ᠶᠠᠭᠠᠬᠢᠬᠤ ᠪᠠᠨ ᠣᠯᠬᠤ ᠦᠭᠡᠢ ᠪᠣᠯᠪᠠ᠃ | ᠡᠨᠡ ᠤᠳᠠᠭᠠᠨ ᠤ ᠤᠳᠤᠭ᠎ᠠ ᠦᠭᠡᠢ ᠲᠤᠯᠤᠯᠳᠤᠭᠠᠨ ᠳᠤ ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠪᠣᠯ | ᠲᠤᠲᠠᠭᠳᠠᠵᠤ ᠪᠣᠯᠣᠰᠢ ᠦᠭᠡᠢ ᠴᠢᠬᠤᠯᠠ ᠨᠥᠬᠦᠴᠡᠯ ᠪᠣᠯᠣᠨ᠎ᠠ ᠃ ᠫᠢᠩᠵᠤᠸᠠᠩ ᠤᠨ ᠪᠠᠷᠠᠭᠤᠨ ᠬᠤᠲᠠ ᠵᠡᠭᠡᠯᠢ | ᠭᠤᠳᠤᠮᠵᠢ ᠶᠢᠨ ᠬᠢᠨ ᠶᠡᠷᠦᠩᠬᠡᠶᠢᠯᠡᠨ ᠵᠣᠬᠢᠴᠠᠭᠤᠯᠬᠤ ᠡᠳ᠋ ᠪᠣᠳᠠᠰ ᠤᠨ ᠪᠠᠲᠤᠯᠠᠭ᠎ᠠ ᠶᠢᠨ ᠳᠤᠭᠤᠶᠢᠯᠠᠩ ᠪᠠᠶᠢᠭᠤᠯᠤᠨ | ᠂ ᠤᠶᠤᠨ ᠤᠬᠠᠭᠠᠨᠴᠢ ᠬᠦᠴᠦᠨ ᠪᠣᠯᠭᠠᠨ ᠪᠦᠷᠢᠯᠳᠦᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ | ᠶᠡᠷᠦᠩᠬᠡᠢ ᠵᠣᠬᠢᠴᠠᠭᠤᠯᠤᠯᠲᠠ ᠂ ᠡᠳ᠋ ᠪᠣᠳᠠᠰ ᠤᠨ ᠬᠤᠪᠢᠶᠠᠷᠢᠯᠠᠯᠲᠠ᠂ ᠲᠤᠭ᠎ᠠ ᠪᠠᠷᠢᠮᠲᠠ ᠶᠢᠨ ᠪᠦᠷᠢᠳᠬᠡᠯ ᠪᠠ | ᠵᠦᠪᠯᠡᠨ ᠬᠠᠪᠰᠤᠷᠬᠤ ᠠᠵᠢᠯ ᠢ ᠭᠠᠷᠮᠠᠭᠠᠢ ᠪᠡᠶᠡᠯᠡᠭᠦᠯᠦᠭᠰᠡᠨ ᠪᠠᠶᠢᠨ᠎ᠠ᠃ | | | | | ᠵᠠᠰᠠᠭ ᠤᠨ ᠵᠠᠷᠯᠢᠭ ᠰᠠᠭᠠᠳ ᠦᠭᠡᠢ ᠨᠡᠪᠲᠡᠷᠡᠬᠦ ᠶᠢ ᠡᠷᠡᠰ ᠪᠠᠲᠤᠯᠠᠪᠠ᠃ | ᠠᠵᠢᠯ ᠤᠨ ᠳᠤᠮᠳᠠ ᠵᠠᠰᠠᠭ ᠤᠨ ᠵᠠᠷᠯᠢᠭ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠶᠢᠨ ᠲᠥᠯᠥᠭᠡ᠂ | ᠶᠡᠷᠦᠩᠬᠡᠶᠢᠯᠡᠨ ᠵᠣᠬᠢᠴᠠᠭᠤᠯᠬᠤ ᠡᠳ᠋ ᠪᠣᠳᠠᠰ ᠤᠨ ᠪᠠᠲᠤᠯᠠᠭ᠎ᠠ ᠶᠢᠨ ᠳᠤᠭᠤᠶᠢᠯᠠᠩ ᠤᠨ ᠠᠵᠢᠯᠲᠠᠳ ᠰᠦᠨᠢ ᠳᠤ ᠪᠠᠨ | ᠡᠯ᠎ᠡ ᠨᠡᠶᠢᠭᠡᠮ ᠲᠣᠭᠤᠷᠢᠭ ᠤᠨ ᠳᠡᠭᠡᠭᠰᠢ ᠮᠡᠳᠡᠭᠦᠯᠦᠭᠰᠡᠨ ᠡᠯ᠎ᠡ ᠵᠦᠢᠯ ᠤᠨ ᠮᠡᠳᠡᠭᠡ ᠵᠠᠩᠭᠢ ᠶᠢ ᠴᠤᠭᠯᠠᠭᠤᠯᠤᠨ | ᠬᠤᠷᠢᠶᠠᠩᠭᠤᠶᠢᠯᠠᠵᠤ᠂ ᠵᠠᠷᠢᠮ ᠲᠤᠭ᠎ᠠ ᠪᠠᠷᠢᠮᠲᠠ ᠨᠢ ᠲᠣᠳᠣᠷᠬᠠᠢ ᠦᠭᠡᠢ ᠪᠠᠶᠢᠪᠠᠯ᠂ ᠳᠠᠷᠤᠶᠢᠬᠠᠨ ᠨᠡᠶᠢᠭᠡᠮ | ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠲᠠᠢ ᠬᠤᠯᠪᠤᠭ᠎ᠠ ᠠᠪᠴᠤ᠂ ᠮᠡᠳᠡᠭᠡ ᠵᠠᠩᠭᠢ ᠶᠢᠨ | ᠦᠨᠡᠨ ᠪᠣᠳᠠᠲᠠᠢ ᠵᠥᠪ ᠣᠨᠣᠪᠴᠢᠲᠠᠶ ᠪᠠᠶᠢᠬᠤ ᠶᠢ ᠪᠠᠲᠤᠯᠠᠪᠠ᠃ ᠡᠳᠦᠷ ᠪᠦᠷᠢ ᠬᠡᠳᠦᠢ ᠣᠷᠣᠢ ᠪᠣᠯᠤᠭᠰᠠᠨ ᠴᠤ᠂ | ᠳᠡᠭᠡᠳᠦ ᠱᠠᠲᠤᠨ ᠤ ᠪᠢᠴᠢᠭ ᠮᠠᠲ᠋ᠧᠷᠢᠶᠠᠯ᠂ ᠠᠵᠢᠯ ᠤᠨ ᠵᠠᠷᠯᠢᠭ ᠢ ᠣᠯᠣᠭᠰᠠᠨ ᠯᠠ ᠶᠤᠮ ᠪᠣᠯ ᠲᠡᠷᠡ ᠳᠠᠷᠤᠢ ᠳᠤᠨᠢ | ᠳᠠᠮᠵᠢᠭᠤᠯᠤᠨ ᠤᠯᠠᠮᠵᠢᠯᠠᠵᠤ᠂ ᠴᠠᠭ ᠲᠤᠬᠠᠢ ᠳᠤᠨᠢ ᠮᠥᠷᠳᠡᠨ ᠬᠢᠨᠠᠨ ᠵᠢᠯᠤᠭᠤᠳᠴᠤ᠂ ᠬᠠᠷᠢᠭᠤ ᠮᠡᠳᠡᠭᠦᠯᠦᠨ ᠂ ᠡᠯ᠎ᠡ | ᠵᠦᠢᠯ ᠤᠨ ᠲᠥᠷᠥ ᠶᠢᠨ ᠪᠣᠳᠣᠯᠭ᠎ᠠ᠂ ᠵᠠᠰᠠᠭ ᠤᠨ ᠵᠠᠷᠯᠢᠭ ᠵᠢᠴᠢ ᠮᠡᠳᠡᠭᠡ ᠵᠠᠩᠭᠢ ᠶᠢᠨ ᠬᠤᠭᠤᠴᠠᠭᠠᠲᠤ ᠴᠢᠨᠠᠷ᠂ | ᠣᠨᠣᠪᠴᠢᠲᠤ ᠴᠢᠨᠠᠷ ᠢ ᠪᠠᠲᠤᠯᠠᠪᠠ᠃ | | | | | ᠤᠯᠠᠨ ᠲᠠᠯ᠎ᠠ ᠠᠴᠠ ᠨᠢᠭᠡᠳᠦᠯᠲᠡᠢ ᠲᠥᠯᠥᠪᠵᠢᠭᠦᠯᠦᠨ ᠨᠢᠭᠡᠳᠦᠭᠡᠷ ᠹᠷᠣᠨᠲ ᠤᠨ ᠡᠳ᠋ ᠪᠣᠳᠠᠰ ᠤᠨ | ᠬᠠᠩᠭᠠᠯᠭ᠎ᠠ ᠶᠢ ᠪᠦᠬᠦ ᠬᠦᠴᠦᠨ ᠢᠶᠠᠷ ᠢᠶᠠᠨ ᠪᠠᠲᠤᠯᠠᠪᠠ᠃ | ᠰᠡᠷᠭᠡᠶᠢᠯᠡᠨ ᠡᠵᠡᠮᠳᠡᠬᠦ ᠠᠵᠢᠯ ᠳᠤ ᠤᠯᠠᠮ ᠨᠢᠭᠡ ᠠᠯᠬᠤᠮ ᠬᠦᠴᠦ ᠨᠡᠮᠡᠷᠢᠯᠡᠬᠦ ᠶᠢᠨ ᠲᠥᠯᠥᠭᠡ᠂ ᠠᠵᠢᠯᠲᠠᠳ | ᠡᠯ᠎ᠡ ᠵᠦᠢᠯ ᠤᠨ ᠠᠵᠢᠯ ᠤᠨ ᠨᠠᠷᠢᠨ ᠵᠦᠢᠯᠡᠰ ᠢ ᠲᠣᠬᠢᠷᠠᠭᠤᠯᠤᠨ ᠪᠠᠶᠢᠷᠢᠯᠠᠭᠤᠯᠵᠤ᠂ ᠡᠯ᠎ᠡ ᠵᠦᠢᠯ ᠤᠨ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠡᠳ᠋ ᠪᠣᠳᠠᠰ ᠤᠨ ᠬᠠᠩᠭᠠᠯᠭ᠎ᠠ ᠶᠢ ᠵᠣᠬᠢᠴᠠᠭᠤᠯᠪᠠ᠃ ᠡᠳᠦᠷ | ᠪᠦᠷᠢ ᠶᠢᠨ ᠦᠳᠡ ᠶᠢᠨ ᠬᠤᠶᠢᠨ᠎ᠠ ᠠᠵᠢᠯᠲᠠᠳ ᠮᠠᠷᠭᠠᠰᠢ ᠶᠢᠨ ᠬᠠᠮᠢᠶ᠎ᠠ ᠪᠦᠬᠦᠢ ᠡᠳ᠋ ᠪᠣᠳᠠᠰ ᠢ ᠡᠯ᠎ᠡ ᠨᠡᠶᠢᠭᠡᠮ | ᠲᠣᠭᠤᠷᠢᠭ ᠤᠨ ᠪᠦᠭᠡᠮ ᠬᠦᠴᠢᠯ ᠤᠨ ᠥᠯᠢᠭᠡᠷ ᠠᠪᠬᠤ ᠴᠡᠭ ᠤᠨ ᠲᠤᠭ᠎ᠠ ᠬᠡᠮᠵᠢᠶ᠎ᠡ ᠪᠠᠷ ᠤᠷᠢᠳᠴᠢᠯᠠᠨ | ᠬᠤᠪᠢᠶᠠᠷᠢᠯᠠᠬᠤ ᠶᠢᠨ ᠬᠠᠮᠲᠤ ᠢᠮᠠᠭᠲᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ | ᠶᠣᠰᠣᠭᠠᠷ᠂ ᠬᠠᠮᠤᠭ ᠤᠷᠢᠳᠠᠪᠠᠷ ᠡᠵᠡᠮᠰᠢᠨ ᠂ ᠬᠠᠮᠤᠭ ᠤᠷᠢᠳᠠᠪᠠᠷ ᠳᠡᠭᠡᠭᠰᠢ ᠮᠡᠳᠡᠭᠦᠯᠵᠦ᠂ ᠬᠠᠮᠤᠭ ᠤᠷᠢᠳᠠᠪᠠᠷ | ᠡᠳ᠋ ᠪᠣᠳᠠᠰ ᠤᠨ ᠨᠥᠭᠡᠴᠡᠯᠡᠯᠲᠡ ᠶᠢ ᠪᠠᠲᠤᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠠᠷᠢᠭᠤᠴᠠᠯᠭ᠎ᠠ ᠪᠠ | ᠡᠭᠦᠷᠭᠡᠯᠡᠯ ᠢᠶᠠᠨ ᠭᠦᠢᠴᠡᠳᠬᠡᠪᠡ᠃ | | | | | ᠪᠦᠬᠦ ᠬᠦᠴᠦᠨ ᠢᠶᠠᠷ ᠢᠶᠠᠨ ᠴᠢᠷᠮᠠᠶᠢᠵᠤ᠂ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠨ | ᠠᠵᠢᠯ ᠤᠨ ᠪᠠᠶᠢᠷᠢ ᠪᠠᠨ ᠪᠠᠲᠤ ᠰᠠᠬᠢᠪᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠲᠥᠯᠥᠭᠡ ᠠᠵᠢᠯ ᠤᠨ ᠪᠠᠶᠢᠷᠢ ᠪᠠᠨ ᠪᠠᠲᠤ ᠰᠠᠬᠢᠵᠤ᠂ | ᠬᠤᠪᠢ ᠨᠡᠮᠡᠷᠢ ᠪᠠᠨ ᠬᠠᠷᠠᠮ ᠦᠭᠡᠢ ᠡᠷᠭᠦᠪᠡ ᠃ ᠶᠡᠷᠦᠩᠬᠡᠶᠢᠯᠡᠨ ᠵᠣᠬᠢᠴᠠᠭᠤᠯᠬᠤ ᠡᠳ᠋ ᠪᠣᠳᠠᠰ ᠤᠨ ᠪᠠᠲᠤᠯᠠᠭ᠎ᠠ ᠶᠢᠨ | ᠳᠤᠭᠤᠶᠢᠯᠠᠩ ᠤᠨ ᠪᠦᠬᠦ ᠠᠵᠢᠯᠲᠠᠳ ᠨᠡᠶᠢᠲᠡ ᠶᠢᠨ ᠲᠦᠯᠦᠭᠡ ᠬᠤᠪᠢ ᠪᠠᠨ ᠤᠮᠠᠷᠳᠠᠨ᠂ ᠦᠳᠡ ᠳᠤ ᠶᠠᠳᠠᠷᠠᠪᠠᠯ | ᠠᠯᠪᠠᠨ ᠭᠡᠷ ᠲᠡᠭᠡᠨ ᠠᠮᠠᠷᠠᠵᠤ ᠂ ᠡᠳᠦᠷ ᠤᠨ ᠭᠤᠷᠪᠠᠨ ᠡᠷᠢᠨ ᠤ ᠬᠤᠭᠤᠯᠠ ᠪᠠᠨ ᠪᠠᠶᠢᠭᠤᠯᠭ᠎ᠠ ᠶᠢᠨ ᠬᠤᠭᠤᠯᠠᠨ | ᠭᠡᠷ ᠲᠤ ᠢᠳᠡᠵᠦ ᠂ ᠡᠳᠦᠷ ᠰᠦᠨᠢ ᠦᠭᠡᠢ ᠠᠵᠢᠯᠯᠠᠪᠠ᠃ ᠵᠣᠬᠢᠴᠠᠭᠤᠯᠤᠨ ᠪᠠᠲᠤᠯᠠᠬᠤ ᠳᠤᠭᠤᠶᠢᠯᠠᠩ ᠤᠨ | ᠠᠵᠢᠯᠲᠠᠳ ᠄ ︽ ᠡᠨᠡ ᠬᠡᠰᠡᠭ ᠬᠤᠭᠤᠴᠠᠭᠠᠨ ᠳᠤ ᠂ ᠪᠢᠳᠡ ᠪᠦᠭᠦᠳᠡᠭᠡᠷ ᠢᠶᠠᠨ ᠶᠡᠷᠦ ᠨᠢ ᠲᠣᠰᠤᠭᠠᠳ ᠪᠠᠷᠠᠰᠢ ᠦᠭᠡᠢ | ᠤᠲᠠᠰᠤ ᠂ ᠬᠠᠷᠢᠭᠤᠯᠤᠭᠠᠳ ᠪᠠᠷᠠᠰᠢ ᠦᠭᠡᠢ ᠣᠬᠤᠷ ᠮᠡᠳᠡᠭᠡ᠂ ᠰᠢᠢᠳᠪᠦᠷᠢᠯᠡᠭᠡᠳ ᠪᠠᠷᠠᠰᠢ ᠦᠭᠡᠢ ᠤᠴᠢᠷ ᠶᠠᠪᠤᠳᠠᠯ | ᠲᠠᠢ᠂ ᠭᠡᠪᠡᠴᠦ ᠤᠯᠠᠨ ᠢᠶᠠᠷ ᠢᠶᠠᠨ ᠬᠡᠳᠦᠢ ᠶᠠᠭᠠᠷᠠᠤ ᠪᠠᠶᠢᠭᠰᠠᠨ ᠴᠤ ᠴᠥᠮ ᠡᠳᠦᠷ ᠤᠨ ᠠᠵᠢᠯ ᠢᠶᠠᠨ ᠡᠳᠦᠷ ᠲᠤᠨᠢ | ᠳᠠᠭᠤᠰᠬᠠᠵᠤ ᠂ ᠡᠳᠦᠷ ᠪᠦᠷᠢ ᠶᠢᠨ ᠠᠵᠢᠯ ᠢᠶᠠᠨ ᠵᠦᠢ ᠵᠤᠬᠢᠰᠲᠠᠢ ᠲᠣᠬᠢᠷᠠᠭᠤᠯᠵᠤ ᠪᠠᠶᠢᠳᠠᠭ︾ ᠭᠡᠵᠦ ᠶᠠᠷᠢᠨ᠎ᠠ᠃ | | | | | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠴᠢᠷ ᠪᠡᠷᠬᠡᠰᠢᠶᠡᠯ ᠢ ᠲᠣᠭᠠᠴᠢᠬᠤ ᠦᠭᠡᠢ᠂ | ᠪᠠᠶᠢᠩᠭᠤ ᠶᠢᠨ ᠴᠢᠨᠠᠷᠲᠠᠢ ᠰᠡᠷᠭᠡᠶᠢᠯᠡᠨ ᠡᠵᠡᠮᠳᠡᠬᠦ ᠳᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠵᠠᠩᠭᠢᠯᠠᠭ᠎ᠠ ᠶᠢᠨ | ᠴᠠᠭ ᠲᠤ᠂ ᠫᠢᠩᠵᠤᠸᠠᠩ ᠪᠠᠷᠠᠭᠤᠨ ᠬᠤᠳᠠ ᠵᠡᠭᠡᠯᠢ ᠭᠤᠳᠤᠮᠵᠢ ᠶᠢᠨ ᠶᠡᠷᠦᠩᠬᠡᠶᠢᠯᠡᠨ ᠵᠣᠬᠢᠴᠠᠭᠤᠯᠬᠤ ᠡᠳ᠋ | ᠪᠣᠳᠠᠰ ᠤᠨ ᠪᠠᠲᠤᠯᠠᠭ᠎ᠠ ᠶᠢᠨ ᠳᠤᠭᠤᠶᠢᠯᠠᠩ ᠤᠨ ᠠᠵᠢᠯᠲᠠᠳ ᠲᠤᠯᠭᠤᠷ ᠵᠣᠷᠢᠯᠲᠠ ᠪᠠᠨ ᠪᠠᠲᠤ ᠰᠠᠬᠢᠵᠤ ᠂ ᠡᠭᠦᠷᠭᠡ | ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠪᠡ ᠃ ᠲᠡᠳᠡ ᠂ ᠢᠯᠠᠵᠤ ᠳᠡᠶᠢᠯᠬᠦ ᠦᠭᠡᠢ ᠬᠢᠵᠢᠭ ᠭᠡᠵᠦ ᠦᠭᠡᠢ᠂ | ᠣᠯᠠᠨ ᠢᠶᠠᠷ ᠢᠶᠠᠨ ᠰᠡᠳᠬᠢᠯ ᠵᠢᠷᠦᠬᠡ ᠪᠠᠨ ᠬᠤᠯᠪᠤᠯᠴᠠᠨ ᠂ ᠲᠤᠬᠠᠶᠢᠯᠠᠭᠰᠠᠨ ᠠᠵᠢᠯ ᠢᠶᠠᠨ ᠬᠢᠨᠠᠮᠠᠭᠠᠢ ᠰᠠᠶᠢᠨ ᠬᠢᠳᠡᠭ | ᠯᠡ ᠶᠤᠮ ᠪᠣᠯ ᠡᠨᠡ ᠤᠳᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠯᠤᠯᠳᠤᠭᠠᠨ ᠳᠤ ᠯᠠᠪᠲᠠᠢ | ᠢᠯᠠᠯᠲᠠ ᠣᠯᠤᠨ᠎ᠠ ᠭᠡᠳᠡᠭ ᠲᠤ ᠪᠠᠲᠤ ᠢᠲᠡᠭᠡᠵᠦ ᠪᠠᠶᠢᠯ᠎ᠠ︕ | | | |