︻ᠰᠡᠳᠬᠢᠯ ᠨᠢᠭᠡᠲᠦᠨ ᠬᠢᠵᠢᠭ ᠢ ᠡᠰᠡᠷᠭᠦᠴᠡᠶ᠎ᠡ ︼ ᠶᠤᠸᠠᠨ ᠪᠦᠦ ᠱᠠᠨ ᠲᠣᠭᠤᠷᠢᠭ ᠤᠨ ᠵᠠᠮ ᠲᠡᠭᠡᠭᠡᠪᠦᠷᠢ ᠶᠢᠨ ᠲᠣᠪᠴᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠲᠡᠭᠡᠭᠡᠪᠦᠷᠢ ᠶᠢᠨ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠡ
ᠨᠡᠶᠢᠲᠡᠯᠡᠭᠰᠡᠨ ᠴᠠᠭ᠄
2022/6/14
     ᠲᠣᠰ ᠡᠭᠡᠯᠵᠢ ᠶᠢᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠶᠤᠸᠠᠨ ᠪᠦᠦ ᠱᠠᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠭᠤᠣᠯ ᠬᠤᠲᠠ ᠶᠢᠨ ᠲᠣᠭᠤᠷᠢᠭ ᠤᠨ ᠪᠦᠭᠡᠮ ᠬᠦᠴᠢᠯ ᠤᠨ ᠪᠠᠶᠢᠴᠠᠭᠠᠯᠲᠠ ᠥᠷᠨᠢᠭᠦᠯᠬᠦ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠲᠣᠭᠤᠷᠢᠭ ᠤᠨ ᠵᠠᠮ ᠲᠡᠭᠡᠭᠡᠪᠦᠷᠢ ᠶᠢᠨ ᠲᠣᠪᠴᠢᠶ᠎ᠠ ᠢᠳᠡᠪᠬᠢᠲᠡᠢ ᠪᠠᠷ ᠴᠤᠤᠷᠢᠶᠠᠲᠤᠨ ᠳᠠᠭᠠᠵᠤ᠂ ᠵᠠᠮ ᠬᠠᠷᠢᠯᠴᠠᠭᠠᠨ ᠤ ᠪᠠᠲᠤᠯᠠᠭ᠎ᠠ ᠶᠢᠨ ᠳᠤᠭᠤᠶᠢᠯᠠᠩ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠢᠵᠢᠭ ᠢ ᠰᠡᠷᠭᠡᠶᠢᠯᠡᠬᠦ ᠡᠳ᠋ ᠪᠣᠳᠠᠰ᠂ ᠪᠦᠭᠡᠮ ᠬᠦᠴᠢᠯ ᠤᠨ ᠥᠯᠢᠭᠡᠷ ᠡᠳ᠋ ᠢ ᠰᠢᠯᠵᠢᠭᠦᠯᠦᠨ ᠵᠦᠭᠡᠭᠡᠪᠦᠷᠢᠯᠡᠬᠦ ᠂ ᠰᠠᠶᠢᠨ ᠳᠤᠷᠠᠴᠤᠳ ᠢ ᠵᠦᠭᠡᠭᠡᠪᠦᠷᠢᠯᠡᠨ ᠬᠦᠷᠭᠡᠬᠦ ᠵᠡᠷᠭᠡ ᠲᠡᠭᠡᠭᠡᠪᠦᠷᠢ ᠶᠢᠨ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠭᠰᠡᠨ ᠪᠠᠶᠢᠨ᠎ᠠ᠃
1_副本.jpg
2_副本.jpg
         ᠲᠣᠭᠤᠷᠢᠭ ᠤᠨ ᠵᠠᠮ ᠬᠠᠷᠢᠯᠴᠠᠭᠠᠨ ᠤ ᠪᠠᠲᠤᠯᠠᠭ᠎ᠠ ᠶᠢᠨ ᠳᠤᠭᠤᠶᠢᠯᠠᠩ ᠰᠦᠨᠢ ᠳᠤ ᠪᠠᠨ ᠳᠦᠷᠢᠶᠡᠰᠦᠨ ᠲᠡᠷᠭᠡᠨ ᠤ  ᠺᠣᠮᠫᠠᠨᠢ ᠵᠢᠴᠢ ᠨᠡᠶᠢᠲᠡ ᠶᠢᠨ ᠮᠠᠰᠢᠨ ᠲᠡᠷᠭᠡᠨ ᠤ ᠠᠵᠤ ᠠᠬᠤᠶᠢᠯᠠᠯ ᠲᠠᠢ ᠬᠤᠯᠪᠤᠭ᠎ᠠ ᠠᠪᠤᠨ ᠵᠣᠬᠢᠴᠠᠭᠤᠯᠵᠤ᠂ ᠴᠠᠭᠠᠷᠠᠭᠰᠠᠨ ᠰᠠᠶᠢᠨ ᠵᠢᠯᠣᠭᠤᠴᠢᠳ ᠂ ᠴᠢᠨᠰᠠᠭ᠎ᠠ ᠰᠠᠶᠢᠨ ᠨᠡᠶᠢᠲᠡ ᠶᠢᠨ ᠮᠠᠰᠢᠨ ᠲᠡᠷᠭᠡ ᠪᠣᠯᠤᠨ ᠲᠦᠷᠢᠶᠡᠰᠦᠨ ᠮᠠᠰᠢᠨ ᠲᠡᠷᠭᠡ ᠨᠦᠭᠦᠳ ᠢ ᠰᠣᠩᠭᠤᠵᠤ 3 ᠵᠠᠮ ᠬᠠᠷᠢᠯᠴᠠᠭᠠᠨ ᠤ ᠪᠠᠲᠤᠯᠠᠭ᠎ᠠ ᠶᠢᠨ ᠲᠡᠷᠭᠡᠨ ᠤ ᠠᠩᠭᠢ ᠪᠠᠶᠢᠭᠤᠯᠪᠠ᠃ ᠡᠭᠦᠨ ᠳᠤ᠄ ᠪᠥᠭᠡᠮ ᠬᠦᠴᠢᠯ ᠤᠨ ᠦᠯᠢᠭᠡᠷ ᠡᠳ᠋ ᠢ ᠰᠢᠯᠵᠢᠭᠦᠯᠦᠨ ᠵᠥᠭᠡᠭᠡᠪᠦᠷᠢᠯᠡᠬᠦ ᠲᠡᠷᠭᠡᠨ ᠤ ᠠᠩᠭᠢ ᠳᠤ ᠨᠡᠶᠢᠲᠡ 68 ᠲᠦᠷᠢᠶᠡᠰᠦᠨ ᠮᠠᠰᠢᠨ ᠲᠡᠷᠭᠡ᠂ 20 ᠪᠡᠯᠡᠳᠬᠡᠯ ᠮᠠᠰᠢᠨ ᠲᠡᠷᠭᠡ ᠲᠣᠬᠢᠷᠠᠭᠤᠯᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠢ ᠬᠠᠮᠵᠢᠨ ᠭᠤᠣᠯ ᠬᠤᠲᠠ ᠶᠢᠨ ᠲᠣᠭᠤᠷᠢᠭ ᠤᠨ ᠪᠥᠭᠡᠮ ᠬᠦᠴᠢᠯ ᠤᠨ ᠦᠯᠢᠭᠡᠷ ᠡᠳ᠋ ᠢ ᠰᠢᠯᠵᠢᠭᠦᠯᠦᠨ ᠵᠦᠭᠡᠭᠡᠪᠦᠷᠢᠯᠡᠬᠦ ᠠᠵᠢᠯ ᠢ ᠰᠠᠶᠢᠲᠤᠷ ᠬᠢᠵᠦ᠂  ᠦᠯᠢᠭᠡᠷ ᠡᠳ᠋ ᠢ ᠰᠢᠯᠵᠢᠭᠦᠯᠦᠨ ᠵᠥᠭᠡᠭᠡᠪᠦᠷᠢᠯᠡᠬᠦ ᠳᠤ ᠪᠠᠲᠤ ᠪᠠᠬᠢ ᠲᠡᠭᠡᠭᠡᠪᠦᠷᠢ ᠶᠢᠨ ᠬᠦᠴᠦᠨ ᠤ ᠪᠠᠲᠤᠯᠠᠭ᠎ᠠ ᠬᠠᠩᠭᠠᠪᠠ ︔ ᠨᠡᠭᠦᠳᠡᠯ ᠪᠥᠭᠡᠮ ᠬᠦᠴᠢᠯ ᠤᠨ ᠥᠯᠢᠭᠡᠷ ᠡᠳ᠋ ᠠᠪᠬᠤ ᠲᠡᠷᠭᠡᠨ ᠠᠩᠭᠢ ᠳᠤ ᠨᠡᠶᠢᠲᠡ 5 ᠨᠡᠶᠢᠲᠡ ᠶᠢᠨ ᠮᠠᠰᠢᠨ ᠲᠡᠷᠭᠡ ᠂ 6 ᠳᠣᠯᠣᠭᠠᠨ ᠰᠠᠭᠤᠳᠠᠯᠲᠤ ᠮᠠᠰᠢᠨ ᠲᠡᠷᠭᠡ ᠲᠣᠬᠢᠷᠠᠭᠤᠯᠵᠤ ᠂ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠢ ᠬᠠᠮᠵᠢᠨ ᠪᠥᠭᠡᠮ ᠬᠦᠴᠢᠯ ᠤᠨ ᠥᠯᠢᠭᠡᠷ ᠡᠳ᠋ ᠠᠪᠬᠤ ᠨᠡᠭᠦᠳᠡᠯ ᠴᠡᠭ ᠭᠠᠷᠭᠠᠵᠤ᠂ ᠪᠥᠭᠡᠮ ᠬᠦᠴᠢᠯ ᠤᠨ ᠦᠯᠢᠭᠡᠷ ᠡᠳ᠋ ᠠᠪᠬᠤ ᠠᠵᠢᠯ ᠤᠨ ᠤᠷᠤᠭᠰᠢᠲᠠᠢ ᠪᠡᠶᠡᠯᠡᠭᠳᠡᠬᠦ ᠶᠢ ᠦᠨᠡᠨ ᠬᠦ ᠪᠠᠲᠤᠯᠠᠪᠠ︔ ᠰᠠᠶᠢᠨ ᠳᠤᠷᠠᠴᠤᠳ ᠢ ᠵᠦᠭᠡᠭᠡᠪᠦᠷᠢᠯᠡᠨ ᠬᠦᠷᠭᠡᠬᠦ ᠲᠡᠷᠭᠡᠨ ᠠᠩᠭᠢ ᠳᠤ ᠨᠡᠶᠢᠲᠡ 17 ᠨᠡᠶᠢᠲᠡ ᠶᠢᠨ ᠮᠠᠰᠢᠨ ᠲᠡᠷᠭᠡ ᠲᠣᠬᠢᠷᠠᠭᠤᠯᠵᠤ᠂ ᠡᠳᠦᠷ ᠪᠦᠷᠢ ᠪᠥᠬᠦ ᠲᠣᠭᠤᠷᠢᠭ ᠤᠨ ᠰᠠᠶᠢᠨ ᠳᠤᠷᠠᠴᠤᠳ ᠢ ᠠᠵᠢᠯ ᠤᠨ ᠪᠠᠶᠢᠷᠢ ᠪᠤᠯᠤᠨ ᠭᠡᠷ ᠤᠨ ᠎ ᠬᠢᠨ ᠬᠤᠭᠤᠷᠤᠨᠳᠤ ᠠᠮᠤᠷ ᠲᠦᠪᠰᠢᠨ ᠢᠶᠠᠷ ᠲᠤᠰᠴᠤ ᠬᠦᠷᠭᠡᠬᠦ   ᠠᠵᠢᠯ ᠢ ᠬᠠᠷᠢᠭᠤᠴᠠᠭᠰᠠᠨ ᠪᠠᠶᠢᠨ᠎ᠠ᠃
3_副本.jpg
         ᠰᠢᠯᠵᠢᠭᠦᠯᠦᠨ ᠵᠦᠭᠡᠭᠡᠪᠦᠷᠢᠯᠡᠬᠦ ᠬᠤᠭᠤᠴᠠᠭᠠᠨ ᠳᠤ᠂ ᠡᠯ᠎ᠡ ᠲᠡᠷᠭᠡᠨ ᠠᠩᠭᠢ ᠶᠢᠨ ᠬᠢᠨ ᠲᠡᠷᠭᠡᠨ ᠳᠣᠲᠣᠷᠠᠬᠢ ᠬᠢᠵᠢᠭ ᠢ ᠰᠡᠷᠭᠡᠶᠢᠯᠡᠨ ᠠᠷᠢᠭᠤᠳᠬᠠᠬᠤ ᠲᠣᠭᠲᠠᠭᠠᠯ ᠤᠨ ︽ᠲᠡᠷᠭᠡᠨ ᠳᠤ ᠭᠠᠷᠬᠤ ᠳᠤ ᠪᠡᠶ᠎ᠡ ᠶᠢᠨ ᠬᠠᠯᠠᠭᠤᠨ ᠢ ᠬᠡᠮᠵᠢᠵᠦ ᠂ ᠲᠡᠷᠭᠡᠨ ᠠᠴᠠ ᠪᠠᠭᠤᠪᠠᠯ ᠴᠠᠭ ᠲᠤᠬᠠᠢ ᠳᠤᠨᠢ ᠠᠷᠢᠭᠤᠳᠬᠠᠬᠤ︾ ᠵᠠᠷᠴᠢᠮ ᠢ ᠴᠢᠩᠭ᠎ᠠ ᠬᠡᠷᠡᠭᠵᠢᠭᠦᠯᠦᠨ᠂ ᠵᠢᠯᠣᠭᠤᠴᠢ ᠳᠤ ᠬᠠᠮᠠᠭᠠᠯᠠᠯᠲᠠ ᠶᠢᠨ ᠬᠤᠪᠴᠠᠰᠤ᠂ N95 ᠠᠮᠠᠪᠴᠢ᠂ ᠪᠡᠭᠡᠯᠡᠢ ᠵᠡᠷᠭᠡ ᠬᠠᠮᠠᠭᠠᠯᠠᠯᠲᠠ ᠶᠢᠨ ᠲᠥᠬᠦᠭᠡᠷᠦᠮᠵᠢ ᠬᠠᠩᠭᠠᠵᠤ᠂ ᠪᠥᠭᠡᠮ ᠬᠦᠴᠢᠯ ᠤᠨ ᠥᠯᠢᠭᠡᠷ ᠡᠳ᠋ ᠢ ᠰᠢᠯᠵᠢᠭᠦᠯᠦᠨ ᠵᠦᠭᠡᠭᠡᠪᠦᠷᠢᠯᠡᠬᠦ ᠣᠷᠴᠢᠨ ᠲᠣᠭᠤᠷᠢᠨ ᠪᠣᠯᠣᠨ ᠰᠠᠶᠢᠨ ᠳᠤᠷᠠᠴᠤᠳ ᠤᠨ ᠡᠷᠡᠭᠦᠯ ᠮᠡᠨᠳᠦ ᠶᠢᠨ ᠠᠮᠤᠷ ᠲᠦᠪᠰᠢᠨ ᠢ  ᠪᠠᠲᠤᠯᠠᠪᠠ ᠃ 6 ᠰᠠᠷ᠎ᠠ ᠶᠢᠨ 11᠎ ᠤ ᠡᠳᠦᠷ ᠪᠣᠯᠲᠠᠯ᠎ᠠ᠂ ᠪᠥᠭᠡᠮ ᠬᠦᠴᠢᠯ ᠤᠨ ᠥᠯᠢᠭᠡᠷ ᠡᠳ᠋  472031 ᠬᠤᠪᠢ ᠰᠢᠯᠵᠢᠭᠦᠯᠦᠨ ᠵᠥᠭᠡᠭᠡᠪᠦᠷᠢᠯᠡᠵᠦ᠂ 300 ᠭᠠᠷᠤᠢ ᠰᠠᠶᠢᠨ ᠳᠤᠷᠠᠴᠤᠳ ᠢ ᠲᠤᠰᠴᠤ ᠬᠦᠷᠭᠡᠨ᠂  ᠰᠢᠯᠵᠢᠭᠦᠯᠦᠨ ᠵᠦᠭᠡᠭᠡᠪᠦᠷᠢᠯᠡᠬᠦ ᠠᠵᠢᠯ ᠢᠶᠠᠨ ᠤᠷᠤᠭᠰᠢᠲᠠᠢ ᠪᠡᠶᠡᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠵᠠᠮ ᠬᠠᠷᠢᠯᠴᠠᠭᠠᠨ ᠤ ᠬᠦᠴᠦᠨ ᠴᠢᠳᠠᠯ ᠨᠡᠮᠡᠷᠢᠯᠡᠭᠰᠡᠨ ᠪᠠᠶᠢᠨ᠎ᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1