ᠼᠤᠤ ᡁᠢ ᠶᠦᠩ ᠪᠦᠬᠦ ᠲᠣᠭᠤᠷᠢᠭ ᠤᠨ ᠭᠤᠣᠯᠳᠠᠯᠭ᠎ᠠ ᠲᠠᠢ ᠲᠦᠰᠦᠯ ᠵᠢᠴᠢ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/15
      1_副本.jpg
         6 ᠰᠠᠷ᠎ᠠ ᠶᠢᠨ 14᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠪᠥᠬᠦ  ᠲᠣᠭᠤᠷᠢᠭ ᠤᠨ ᠭᠤᠣᠯᠳᠠᠯᠭ᠎ᠠ ᠲᠠᠢ ᠲᠦᠰᠦᠯ ᠵᠢᠴᠢ ᠭᠤᠣᠯᠳᠠᠯᠭ᠎ᠠ ᠲᠠᠢ ᠠᠵᠢᠯ ᠢ ᠲᠦᠯᠬᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠭᠤᠣᠯᠳᠠᠯᠭ᠎ᠠ ᠲᠠᠢ ᠲᠦᠰᠦᠯ ᠵᠢᠴᠢ ᠭᠤᠣᠯᠳᠠᠯᠭ᠎ᠠ ᠲᠠᠢ ᠠᠵᠢᠯ ᠢ ᠲᠦᠯᠬᠢᠨ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠢᠭᠡᠳ ᠨᠢᠭᠡ ᠪᠠᠷ ᠰᠤᠨᠤᠰᠤᠨ ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠤᠳᠤᠷᠢᠳᠤᠯᠭ᠎ᠠ ᠵᠠᠩ ᡁᠢ ᠸᠧᠢ ᠂ ᠯᠢ ᠺᠠᠢ ᠂ ᠸᠠᠩ ᠵᠧᠨ ᠯᠢᠶᠠᠩ ᠂ ᠹᠦ᠋ ᠰᠢᠸ ᠬᠤᠢ ᠂ ᠵᠧᠦ ᠵᠠᠨ ᠯᠢ ᠂ ᠯᠢᠦ ᠬᠠᠢ ᠶᠠᠩ᠂ ᠬᠠᠨ ᠶᠠᠨ ᠵᠢᠶᠦ᠋ᠨ ᠂ ᠯᠤᠸᠠᠨ ᠶᠦᠨ ᠾᠧ ᠂ ᠯᠢ ᡁᠢ ᠭᠠᠩ ᠂ ᠵᠠᠩ ᠯᠢ ᠲᠤᠤ ᠂ ᠯᠢ ᠸᠧᠨ ᠵᠢᠶᠦ᠋ᠨ ᠂ ᠵᠠᠩ ᠴᠢᠶᠦ᠋ᠨ ᠂ ᠵᠢᠶᠠ  ᠱᠣ᠋ ᠱᠦᠨ ᠂ ᠢᠦᠢ ᠵᠢᠩ ᠴᠦᠨ ᠂ ᠵᠢᠶᠣᠣ ᠴᠢᠩ ᠳ᠋ᠦᠩ ᠂ ᠯᠢ ᠽᠥᠩ ᠮᠧᠩ᠂ ᠶᠢᠨ ᠮᠢᠩ ᠂ ᠯᠢᠦ ᠹᠧᠩ ᠬᠤᠸᠠ ᠂ ᠳ᠋ᠢᠩ ᠰᠢᠶᠣᠣ ᠢᠦᠢ ᠂ ᠹᠠᠨ ᠰᠢᠶᠣᠣ ᠴᠢᠦ ᠬᠤᠷᠠᠯ ᠳᠤ ᠣᠷᠣᠯᠴᠠᠪᠠ ᠃
2_副本.jpg
         ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠲᠣᠭᠤᠷᠢᠭ ᠤᠨ ᠭᠤᠣᠯᠳᠠᠯᠭ᠎ᠠ ᠲᠠᠢ ᠲᠦᠰᠦᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠯ᠎ᠡ ︽ ᠲᠦᠰᠦᠯ ᠤᠨ ᠬᠠᠮᠢᠶᠠᠷᠤᠭᠴᠢ︾ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠦᠢᠯᠡᠴᠢᠯᠡᠭᠡᠨ ᠤ ᠡᠷᠴᠢᠮ ᠢᠶᠠᠨ ᠴᠢᠩᠭᠠᠷᠠᠭᠤᠯᠤᠨ᠂ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠨᠢᠭᠡᠳᠦᠭᠡᠷ ᠹᠷᠣᠨᠲ ᠲᠤ ᠢᠳᠡᠪᠬᠢᠲᠡᠢ ᠪᠠᠷ ᠭᠦᠨᠵᠡᠭᠡᠶᠢᠷᠡᠨ ᠨᠡᠪᠲᠡᠷᠡᠯᠴᠡᠵᠦ ᠂ ᠬᠦᠳᠦᠯᠬᠦ ᠂ ᠵᠢᠯᠤᠭᠤᠳᠬᠤ᠂ ᠬᠠᠪᠰᠤᠷᠤᠨ ᠲᠡᠳᠬᠦᠬᠦ ᠠᠵᠢᠯ ᠢ ᠦᠷᠨᠢᠭᠦᠯᠦᠨ ᠂ ᠲᠦᠰᠦᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠡᠯ᠎ᠡ ᠵᠦᠢᠯ ᠤᠨ ᠠᠰᠠᠭᠤᠳᠠᠯ ᠪᠠ ᠬᠦᠴᠢᠷᠳᠡᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠵᠢᠯ ᠤᠨ ᠳᠣᠲᠣᠷ᠎ᠠ ᠬᠡᠷᠡᠭᠵᠢᠭᠦᠯᠬᠦ ᠪᠠᠷ ᠲᠥᠯᠥᠪᠯᠡᠵᠦ ᠪᠠᠶᠢᠭ᠎ᠠ ᠭᠤᠣᠯᠳᠠᠯᠭ᠎ᠠ ᠲᠠᠢ ᠲᠦᠰᠦᠯ ᠢ ᠡᠬᠢᠯᠡᠵᠦ ᠳᠡᠶᠢᠯᠬᠦ ᠶᠢ ᠨᠢ ᠪᠦᠬᠦᠨ ᠢ ᠡᠬᠢᠯᠡᠭᠦᠯᠵᠦ ᠂ ᠰᠡᠷᠭᠦᠭᠡᠵᠦ ᠳᠡᠶᠢᠯᠬᠦ ᠶᠢ ᠨᠢ ᠪᠦᠬᠦᠨ ᠢ ᠰᠡᠷᠭᠦᠭᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠲᠦᠰᠦᠯ ᠤᠨ ᠨᠥᠭᠡᠴᠡ ᠶᠢ ᠴᠢᠩᠭᠠᠳᠬᠠᠵᠤ ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠠᠪᠤᠳᠠᠯ ᠳᠤ ᠪᠦᠬᠦ ᠬᠦᠴᠦᠨ ᠢᠶᠠᠷ ᠢᠶᠠᠨ ᠢᠳᠡᠪᠬᠢᠯᠡᠵᠦ᠂ ᠬᠦᠷᠢᠶᠡᠯᠡᠩ ᠲᠣᠭᠤᠷᠢᠭ ᠤᠨ ᠰᠠᠭᠤᠷᠢ ᠂ ᠬᠥᠭᠵᠢᠯᠲᠡ ᠶᠢᠨ ᠣᠷᠣᠨ ᠵᠠᠢ ᠂ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠵᠡᠷᠭᠡ ᠳᠠᠪᠠᠭᠤᠯᠢᠭ ᠢ ᠰᠠᠶᠢᠲᠤᠷ ᠠᠰᠢᠭᠯᠠᠵᠤ ᠂ ᠠᠵᠤ ᠦᠢᠯᠡᠰ ᠤᠨ ᠲᠦᠷᠦᠯ ᠤᠨ ᠲᠦᠰᠦᠯ ᠢ ᠴᠢᠩᠭ᠎ᠠ ᠠᠩᠬᠠᠷᠴᠤ ᠂ ᠦᠢᠯᠡᠳᠪᠦᠷᠢᠯᠡᠯ ᠤᠨ ᠲᠦᠷᠦᠯ ᠤᠨ ᠲᠦᠰᠦᠯ᠂ ᠰᠢᠯᠵᠢᠯᠲᠠ ᠶᠢᠨ ᠲᠦᠷᠦᠯ ᠤᠨ ᠲᠦᠰᠦᠯ ᠳᠤ ᠬᠡᠯᠡᠯᠴᠡᠭᠡᠷ ᠲᠣᠭᠲᠠᠬᠤ᠂ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠪᠦᠬᠦ ᠵᠢᠯ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠠᠷᠠᠯᠲᠠ ᠶᠢᠨ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠃     ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠤᠣᠯᠳᠠᠯᠭ᠎ᠠ ᠲᠠᠢ ᠠᠵᠢᠯ ᠤᠨ ᠲᠤᠰᠬᠠᠢ ᠠᠩᠭᠢ ᠨᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ ᠂ ᠪᠦᠬᠦ ᠲᠣᠭᠤᠷᠢᠭ ᠤᠨ ᠬᠥᠭᠵᠢᠯᠲᠡ ᠶᠢᠨ ᠶᠡᠭᠡ ᠲᠠᠯ᠎ᠠ ᠶᠢᠨ ᠥᠨᠳᠥᠷᠴᠡ ᠠᠴᠠ ᠠᠵᠢᠯ ᠢᠶᠠᠨ ᠲᠥᠯᠥᠪᠵᠢᠭᠦᠯᠦᠨ ᠠᠬᠢᠭᠤᠯᠵᠤ ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ ᠂ ᠠᠵᠢᠯ ᠶᠠᠪᠤᠳᠠᠯ ᠬᠢᠬᠦ ᠡᠷᠴᠢ ᠵᠣᠷᠢᠭ ᠂ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ ᠠᠵᠢᠯ ᠤᠨ ᠡᠭᠦᠷᠭᠡ ᠪᠠᠨ ᠲᠣᠭᠲᠠᠭᠰᠠᠨ ᠴᠠᠭ ᠲᠠᠭᠠᠨ ᠴᠢᠨᠠᠷ ᠢ ᠪᠠᠲᠤᠯᠠᠨ ᠪᠡᠶᠡᠯᠡᠭᠦᠯᠬᠦ ᠬᠡᠷᠡᠭᠲᠡᠢ ᠃ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ ᠂ ᠡᠯ᠎ᠡ ᠲᠤᠰᠬᠠᠢ ᠠᠩᠭᠢ ᠶᠢᠨ ᠠᠩᠭᠢ ᠶᠢᠨ ᠳᠠᠷᠤᠭ᠎ᠠ ᠂ ᠠᠩᠭᠢ ᠶᠢᠨ ᠳᠡᠳ᠋ ᠳᠠᠷᠤᠭ᠎ᠠ ᠨᠠᠷ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠵᠤ ᠂ ᠪᠡᠶ᠎ᠡ ᠪᠠᠷ ᠢᠶᠠᠨ ᠠᠳᠬᠤᠬᠤ ᠂ ᠪᠡᠶ᠎ᠡ ᠪᠠᠷ ᠢᠶᠠᠨ ᠬᠠᠮᠢᠶᠠᠷᠬᠤ ᠶᠢ ᠪᠠᠷᠢᠮᠲᠠᠯᠠᠨ ᠂ ᠴᠢᠬᠤᠯᠠ ᠬᠡᠷᠡᠭ ᠶᠠᠪᠤᠳᠠᠯ ᠢ ᠴᠠᠭ ᠲᠤᠬᠠᠢ ᠳᠤᠨᠢ  ᠮᠦᠷᠳᠡᠨ ᠳᠠᠭᠠᠵᠤ ᠂ ᠡᠯ᠎ᠡ ᠪᠦᠷᠢᠯᠳᠦᠭᠦᠨ ᠨᠢᠭᠡᠴᠢ ᠨᠦᠭᠦᠳ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ ᠂ ᠲᠤᠰ ᠲᠤᠰ ᠤᠨ ᠲᠤᠰᠢᠶᠠᠯ ᠢᠶᠠᠨ ᠭᠦᠢᠴᠡᠳᠬᠡᠵᠦ ᠂ ᠲᠤᠰ ᠲᠤᠰ ᠤᠨ ᠬᠠᠷᠢᠭᠤᠴᠠᠯᠭ᠎ᠠ ᠪᠠᠨ ᠡᠭᠦᠷᠭᠡᠯᠡᠨ ᠂ ᠵᠣᠬᠢᠴᠠᠯᠳᠤᠨ ᠬᠥᠳᠡᠯᠦᠯᠴᠡᠵᠦ ᠂ ᠮᠡᠳᠡᠭᠡ ᠵᠠᠩᠭᠢ ᠪᠠᠨ ᠬᠤᠪᠢᠶᠠᠯᠴᠠᠨ᠂ ᠬᠦᠴᠦᠨ ᠢᠶᠠᠨ ᠲᠥᠪᠯᠡᠷᠡᠭᠦᠯᠦᠨ ᠴᠢᠬᠤᠯᠠ ᠶᠠᠪᠤᠳᠠᠯ ᠢ ᠪᠡᠶᠡᠯᠡᠭᠦᠯᠬᠦ᠂ ᠪᠡᠷᠬᠡ ᠰᠡᠳᠦᠪ ᠢ ᠰᠢᠢᠳᠪᠦᠷᠢᠯᠡᠬᠦ ᠬᠦᠴᠦᠷᠬᠡᠭ ᠶᠡᠭᠡ ᠬᠠᠮᠲᠤᠷᠠᠯ ᠬᠦᠴᠦᠨ ᠢ  ᠪᠦᠷᠢᠯᠳᠦᠭᠦᠯᠬᠦ ᠬᠡᠷᠡᠭᠲᠡᠢ ᠃ ᠬᠤᠶᠠᠷ ᠪᠠᠶᠢᠴᠠᠭᠠᠬᠤ ᠲᠠᠰᠤᠭ ᠤᠨ ᠬᠢᠨ ᠭᠤᠣᠯᠳᠠᠯᠭ᠎ᠠ ᠲᠠᠢ ᠠᠵᠢᠯ ᠤᠨ ᠵᠦᠢᠯᠡᠰ ᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ ᠪᠦᠷᠢᠳᠬᠡᠯ ᠳᠤ ᠣᠷᠣᠭᠤᠯᠵᠤ᠂ ᠮᠥᠷᠳᠡᠨ ᠰᠢᠮᠳᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠡᠯ᠎ᠡ ᠵᠦᠢᠯ ᠤᠨ ᠠᠵᠢᠯ ᠢ ᠥᠨᠳᠥᠷ ᠦᠷ᠎ᠡ ᠪᠦᠲᠦᠮᠵᠢ ᠲᠠᠢ ᠶᠠᠪᠤᠭᠳᠠᠭᠤᠯᠬᠤ ᠂ ᠬᠦᠴᠦᠲᠡᠢ ᠠᠬᠢᠭᠤᠯᠬᠤ ᠶᠢ ᠪᠠᠲᠤᠯᠠᠬᠤ ᠬᠡᠷᠡᠭᠲᠡᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1