ᠶᠤᠸᠠᠨ ᠪᠦᠦ ᠱᠠᠨ ᠲᠣᠭᠤᠷᠢᠭ ᠬᠢᠵᠢᠭ ᠢ ᠡᠰᠡᠷᠭᠦᠴᠡᠬᠦ ᠡᠳ᠋ ᠪᠣᠳᠠᠰ ᠢ ᠪᠠᠴᠢᠮ ᠲᠣᠬᠢᠷᠠᠭᠤᠯᠵᠤ ᠯᠢᠨᠰᠢ ᠶᠢ ᠲᠤᠰᠠᠯᠠᠪᠠ
ᠨᠡᠶᠢᠲᠡᠯᠡᠭᠰᠡᠨ ᠴᠠᠭ᠄
2022/6/16
      6 ᠰᠠᠷ᠎ᠠ ᠶᠢᠨ 15᠎ ᠤ ᠡᠳᠦᠷ ᠤᠨ ᠥᠷᠯᠥᠭᠡ ᠡᠷᠲᠡ᠂ ᠶᠤᠸᠠᠨ ᠪᠦᠦ ᠱᠠᠨ ᠲᠣᠭᠤᠷᠢᠭ ᠤᠨ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ ᠡᠮᠦᠨ᠎ᠡ᠂ ᠯᠢᠨᠰᠢ ᠶᠢ ᠲᠤᠰᠠᠯᠠᠬᠤ ᠬᠢᠵᠢᠭ ᠢ ᠡᠰᠡᠷᠭᠦᠴᠡᠬᠦ ᠡᠳ᠋ ᠪᠣᠳᠠᠰ ᠢ ᠳᠦᠭᠦᠷᠲᠡᠯ᠎ᠡ  ᠲᠡᠭᠡᠭᠡᠭᠰᠡᠨ ᠳᠥᠷᠪᠡᠨ ᠠᠴᠢᠶᠠᠨ ᠤ  ᠮᠠᠰᠢᠨ ᠲᠡᠷᠭᠡ ᠬᠡᠳᠦᠶᠢᠨ ᠠᠶᠠᠯᠠᠯ ᠳᠤ ᠮᠣᠷᠳᠠᠬᠤ ᠪᠠᠷ ᠪᠡᠯᠡᠳᠬᠡᠵᠡᠢ ᠃ 
1_副本.jpg
         ᠶᠤᠸᠠᠨ ᠪᠦᠦ ᠱᠠᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠠᠴᠠ ᠨᠢᠭᠡᠳᠦᠯᠲᠡᠢ ᠲᠦᠯᠦᠪᠯᠡᠨ᠂ 150 ᠲᠦᠮᠡᠨ ᠲᠥᠭᠦᠷᠢᠭ ᠤᠨ ᠦᠷᠳᠡᠭ ᠪᠦᠬᠦᠢ ᠬᠢᠵᠢᠭ ᠢ ᠰᠡᠷᠭᠡᠶᠢᠯᠡᠬᠦ ᠡᠳ᠋ ᠪᠣᠳᠠᠰ ᠢ ᠪᠠᠴᠢᠮ ᠲᠣᠬᠢᠷᠠᠭᠤᠯᠵᠤ ᠂ ᠯᠢᠨᠰᠢ ᠰᠢᠶᠠᠨ ᠤ ᠬᠢᠵᠢᠭ ᠤᠨ ᠪᠠᠶᠢᠳᠠᠯ ᠢ ᠡᠰᠡᠷᠭᠦᠴᠡᠬᠦ ᠳᠤ ᠬᠠᠪᠰᠤᠷᠤᠯᠭ᠎ᠠ ᠦᠵᠡᠭᠦᠯᠦᠨ᠂ ᠯᠢᠨᠰᠢ ᠶᠢᠨ ᠠᠷᠠᠳ ᠲᠦᠮᠡᠨ ᠲᠠᠢ ᠬᠠᠮᠲᠤᠪᠠᠷ ᠬᠦᠴᠢᠷ ᠪᠡᠷᠬᠡ ᠶᠢ ᠲᠤᠭᠤᠯᠤᠨ᠎ᠠ᠃
2_副本.jpg
         ᠶᠤᠸᠠᠨ ᠪᠦᠦ ᠱᠠᠨ ᠲᠣᠭᠤᠷᠢᠭ ᠤᠨ ᠳᠡᠳ᠋ ᠲᠣᠭᠤᠷᠢᠭ ᠤᠨ ᠳᠠᠷᠤᠭ᠎ᠠ ᠵᠢᠶᠣᠣ ᠴᠢᠩ ᠳ᠋ᠦᠩ ᠂ ᠮᠠᠨ ᠤ ᠠᠩᠬᠠᠨ ᠤ ᠪᠦᠯᠦᠭ ᠲᠤᠰᠠᠯᠠᠬᠤ ᠡᠳ᠋ ᠪᠣᠳᠠᠰ ᠨᠢᠭᠡᠨᠲᠡ ᠪᠡᠯᠡᠨ ᠪᠣᠯᠣᠭᠠᠳ ᠤᠳᠠᠯ ᠦᠭᠡᠢ ᠮᠣᠷᠳᠠᠬᠤ ᠭᠡᠵᠦ ᠪᠠᠶᠢᠨ᠎ᠠ ᠂ ᠮᠠᠨ ᠤ ᠨᠥᠬᠦᠳ ᠡᠳ᠋ ᠪᠣᠳᠠᠰ ᠢᠶᠠᠨ ᠯᠢᠨᠰᠢ ᠰᠢᠶᠠᠨ ᠳᠤ ᠠᠮᠤᠷ ᠲᠦᠪᠰᠢᠨ ᠢᠶᠠᠷ ᠬᠦᠷᠭᠡᠬᠦ ᠶᠢᠨ ᠬᠠᠮᠲᠤ ᠮᠠᠨ ᠤ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠣᠨ ᠪᠦᠬᠦ ᠲᠣᠭᠤᠷᠢᠭ ᠤᠨ ᠠᠷᠠᠳ ᠲᠦᠮᠡᠨ ᠤ ᠢᠷᠦᠭᠡᠯ ᠵᠥᠩᠨᠡᠯ ᠢ ᠳᠠᠮᠵᠢᠭᠤᠯᠵᠤ ᠥᠭᠬᠦ ᠶᠢ ᠬᠦᠰᠡᠵᠦ ᠪᠠᠶᠢᠨ᠎ᠠ ᠂ ᠯᠢᠨᠰᠢ ᠰᠢᠶᠠᠨ ᠬᠢᠵᠢᠭ ᠢ ᠡᠷᠲᠡᠬᠡᠨ ᠢᠯᠠᠵᠤ ᠂ ᠡᠷᠲᠡᠬᠡᠨ ᠬᠡᠪ ᠤᠨ ᠪᠠᠶᠢᠳᠠᠯ ᠢᠶᠠᠨ ᠰᠡᠷᠭᠦᠭᠡᠬᠦ ᠶᠢ ᠬᠦᠰᠡᠵᠦ ᠪᠠᠶᠢᠨ᠎ᠠ ᠃ ᠯᠢᠨᠰᠢ ᠰᠢᠶᠠᠨ ᠬᠡᠷᠡᠭᠴᠡᠭᠡ ᠲᠠᠢ ᠯᠡ ᠶᠤᠮ ᠪᠣᠯ ᠶᠤᠸᠠᠨ ᠪᠦᠦ ᠱᠠᠨ ᠲᠣᠭᠤᠷᠢᠭ ᠲᠤᠰᠠᠯᠠᠮᠵᠢ ᠦᠵᠡᠭᠦᠯᠬᠦ ᠪᠠᠷ ᠬᠡᠵᠢᠶᠡᠳᠡ ᠪᠡᠯᠡᠬᠡᠨ ᠪᠠᠶᠢᠨ᠎ᠠ ᠭᠡᠵᠦ ᠬᠡᠯᠡᠪᠡ᠃
3_副本.jpg
         ᠨᠢᠭᠡᠨ ᠵᠡᠷᠭᠡ ᠬᠦᠰᠡᠯ ᠨᠠᠶᠢᠳᠠᠯᠭ᠎ᠠ ᠬᠦᠯᠢᠶᠡᠭᠰᠡᠨ ᠤ ᠳᠠᠷᠠᠭ᠎ᠠ᠂ ᠲᠦᠷᠪᠡᠨ ᠠᠴᠢᠶᠠᠨ ᠤ ᠮᠠᠰᠢᠨ ᠲᠡᠷᠭᠡ ᠶᠡᠭᠡ ᠬᠦᠷᠢᠶᠡᠨ ᠠᠴᠠ ᠠᠯᠭᠤᠷᠬᠠᠨ ᠢᠶᠠᠷ ᠮᠣᠷᠳᠠᠨ ᠭᠠᠷᠴᠤ ᠂ ᠵᠢᠷᠦᠬᠡ ᠰᠡᠳᠬᠢᠯ ᠢᠶᠠᠷ ᠢᠶᠠᠨ ᠬᠤᠯᠪᠣᠯᠳᠤᠭᠰᠠᠨ ᠠᠬ᠎ᠠ ᠳᠡᠭᠦᠦ ᠶᠢᠨ ᠨᠠᠶᠢᠷ ᠰᠡᠳᠬᠢᠯᠭᠡ ᠶᠢ ᠳᠦᠭᠦᠷᠲᠡᠯ᠎ᠡ ᠠᠴᠢᠶᠠᠯᠠᠨ᠂ ᠶᠤᠸᠠᠨ ᠪᠦᠦ ᠱᠠᠨ ᠲᠣᠭᠤᠷᠢᠭ ᠤᠨ ᠯᠢᠨᠰᠢ ᠰᠢᠶᠠᠨ ᠎ ᠯᠤᠭ᠎ᠠ ᠮᠥᠷᠥ ᠵᠡᠷᠭᠡᠴᠡᠨ ᠬᠢᠵᠢᠭ ᠲᠠᠢ ᠲᠤᠯᠤᠯᠳᠤᠬᠤ ᠡᠷᠡᠰ ᠵᠣᠷᠢᠭ ᠢ ᠢᠯᠡᠷᠡᠭᠦᠯᠦᠨ᠎ᠡ᠃ ᠲᠤᠬᠠᠢ ᠶᠢᠨ ᠡᠳᠦᠷ ᠤᠨ ᠦᠳᠡ ᠶᠢᠨ ᠡᠮᠦᠨ᠎ᠡ᠂ ᠳᠦᠷᠪᠡᠨ ᠠᠴᠢᠶᠠᠨ ᠤ ᠮᠠᠰᠢᠨ ᠲᠡᠷᠭᠡ ᠴᠦᠮ ᠯᠢᠨᠰᠢ ᠰᠢᠶᠠᠨ ᠳᠤ ᠬᠥᠷᠴᠠᠢ᠃     ᠯᠢᠨᠰᠢ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠭᠦᠸᠧ ᠴᠦᠨ ᠾᠧ ᠂ ᠠᠬ᠎ᠠ ᠳᠡᠭᠦᠦ ᠬᠤᠰᠢᠭᠤ ᠰᠢᠶᠠᠨ ᠤ ᠳᠠᠭᠠᠷᠠᠭᠰᠠᠨ ᠬᠥᠮᠥᠨ ᠳᠤ ᠳᠠᠬᠤ ᠬᠦᠷᠭᠡᠭᠰᠡᠨ ᠬᠠᠷᠠᠮ ᠥᠭᠡᠢ ᠳᠡᠮᠵᠢᠯᠭᠡ ᠳᠤ ᠪᠠᠶᠠᠷᠯᠠᠨ ᠲᠠᠯᠠᠷᠬᠠᠵᠤ ᠪᠠᠶᠢᠨ᠎ᠠ ᠂ ᠪᠦᠬᠦ ᠨᠡᠶᠢᠭᠡᠮ ᠤᠨ ᠬᠠᠮᠲᠤ ᠶᠢᠨ ᠴᠢᠷᠮᠠᠶᠢᠯᠭ᠎ᠠ ᠪᠠᠷ ᠮᠠᠨ ᠤ ᠯᠢᠨᠰᠢ ᠰᠢᠶᠠᠨ ᠤ ᠠᠷᠠᠳ ᠲᠦᠮᠡᠨ ᠬᠢᠵᠢᠭ ᠢ ᠡᠰᠡᠷᠭᠦᠴᠡᠬᠦ ᠲᠤᠯᠤᠯᠳᠤᠭᠠᠨ ᠳᠤ ᠯᠠᠪᠲᠠᠢ ᠢᠯᠠᠯᠲᠠ ᠣᠯᠤᠨ᠎ᠠ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ ᠭᠡᠪᠡ᠃  
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1