︻ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠶ᠎ᠠ︼ ᠫᠢᠩ ᠵᠤᠸᠠᠩ ᠪᠠᠷᠠᠭᠤᠨ ᠬᠤᠲᠠ ᠵᠡᠭᠡᠯᠢ ᠭᠤᠳᠤᠮᠵᠢ ︽ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠤᠬᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠶᠠᠷᠯᠠᠨ ᠤᠭᠲᠤᠶ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/2
1_副本.jpg
                                  5 ᠰᠠᠷ᠎ᠠ ᠶᠢᠨ 31᠎ ᠤ ᠡᠳᠦᠷ᠂ ᠫᠢᠩᠵᠤᠸᠠᠩ ᠪᠠᠷᠠᠭᠤᠨ ᠬᠤᠲᠠ ᠵᠡᠭᠡᠯᠢ ᠭᠤᠳᠤᠮᠵᠢ ︽ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠤᠬᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠶᠠᠷᠯᠠᠨ ᠤᠭᠲᠤᠶ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ᠂ ᠲᠣᠭᠤᠷᠢᠭ ᠤᠨ ᠡᠮᠡᠭᠲᠡᠶᠢᠴᠦᠳ ᠤᠨ ᠬᠤᠯᠪᠤᠭᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠤᠷᠢᠯᠭ᠎ᠠ ᠪᠠᠷ ᠠᠵᠢᠯᠯᠠᠭ᠎ᠠ ᠳᠤ ᠣᠷᠣᠯᠴᠠᠵᠠᠢ᠃
2_副本.jpg
         ᠠᠵᠢᠯᠯᠠᠭ᠎ᠠ ᠶᠢᠨ ᠠᠬᠤᠢ ᠲᠠᠯᠠᠪᠤᠷ ᠬᠦᠷ ᠬᠥᠭᠵᠢᠶᠡᠨ ᠢᠶᠠᠷ ᠪᠢᠯᠬᠠᠵᠤ ᠂ ᠰᠠᠭᠤᠭᠠᠯᠢ ᠠᠷᠠᠳ ᠎ ᠠᠴᠠ ᠲᠦᠵᠢᠶᠠ ᠦᠨᠳᠦᠰᠦᠲᠡᠨ ᠤ ᠪᠥᠵᠢᠭ ᠂ ᠮᠣᠩᠭᠤᠯ ᠦᠨᠳᠦᠰᠦᠲᠡᠨ ᠤ ᠰᠠᠪᠬᠠᠨ ᠪᠥᠵᠢᠭ ᠂ ᠪᠡᠭᠡᠵᠢᠩ ᠵᠦᠴᠦᠭᠡ ᠂ ᠬᠤᠯᠤ ᠶᠢᠨ ᠰᠢᠷᠬᠡᠭ ᠤᠨ ᠲᠣᠭᠯᠠᠯᠲᠠ ᠵᠡᠷᠭᠡ ᠪᠠᠶᠠᠯᠢᠭ ᠰᠠᠶᠢᠬᠠᠨ ᠲᠣᠭᠯᠠᠯᠲᠠ ᠭᠠᠷᠭᠠᠵᠤ᠂ ᠦᠨᠳᠦᠰᠦᠲᠡᠨ ᠤ ᠮᠡᠳᠡᠯᠭᠡ ᠶᠢᠨ ᠱᠠᠩᠨᠠᠯᠲᠤ ᠤᠷᠤᠯᠳᠤᠭᠠᠨ ᠳᠤ ᠢᠳᠡᠪᠬᠢᠲᠡᠢ ᠣᠷᠤᠯᠴᠠᠵᠠᠭᠠᠭᠰᠠᠨ ᠪᠠᠶᠢᠨ᠎ᠠ᠃ ᠠᠵᠢᠯᠯᠠᠭᠠᠨ ᠤ ᠵᠠᠪᠰᠠᠷ ᠢᠶᠠᠷ ᠫᠢᠩᠵᠤᠸᠠᠩ ᠪᠠᠷᠠᠭᠤᠨ ᠬᠤᠲᠠ ᠵᠡᠭᠡᠯᠢ ᠭᠤᠳᠤᠮᠵᠢ ᠶᠢᠨ ᠬᠢᠨ ᠪᠠᠰᠠ ︽ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠭᠰᠠᠨ ᠲᠡᠷᠢᠭᠦᠨ ᠤ ᠬᠤᠪᠢ ᠬᠥᠮᠥᠨ︾᠂ ︽ᠦᠨᠳᠦᠰᠦᠲᠡᠨ ᠤ ᠪᠦᠯᠬᠦᠮᠳᠡᠯ ᠬᠥᠷᠰᠢ ᠰᠠᠭᠠᠬᠠᠯᠲᠠ ᠎ ᠶᠢᠨ ᠡᠶ᠎ᠡ ᠨᠠᠶᠢᠷᠠᠮᠳᠠᠭᠤ ᠶᠢ ᠠᠬᠢᠭᠤᠯᠤᠭᠰᠠᠨ ᠲᠡᠷᠢᠭᠦᠨ ᠤ ᠬᠤᠪᠢ ᠬᠥᠮᠥᠨ︾᠂ ︽ᠦᠨᠳᠦᠰᠦᠲᠡᠨ ᠤ ᠰᠣᠶᠣᠯ ᠤᠳᠬ᠎ᠠ ᠤᠷᠠᠯᠢᠭ ᠤᠨ ᠰᠣᠯᠢᠯᠴᠠᠭ᠎ᠠ ᠶᠠᠪᠤᠯᠴᠠᠭ᠎ᠠ ᠶᠢ ᠠᠬᠢᠭᠤᠯᠤᠭᠰᠠᠨ ᠲᠡᠷᠢᠭᠦᠨ ᠤ ᠬᠤᠪᠢ ᠬᠥᠮᠥᠨ︾᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠢᠯᠢᠳᠡᠭ ᠭᠡᠷ ᠪᠦᠯᠢ︾ ᠵᠡᠷᠭᠡ ᠢᠷᠠᠭᠤ ᠠᠯᠳᠠᠷ ᠢ ᠬᠦᠷᠲᠡᠭᠰᠡᠳ ᠲᠤ ᠬᠦᠬᠢᠭᠦᠯᠦᠯ ᠤᠨ ᠦᠨᠡᠮᠯᠡᠯ ᠭᠠᠷᠳᠠᠭᠤᠯᠵᠠᠢ᠃
3_副本.jpg
         ᠲᠤᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠤᠨ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠪᠥᠭᠡᠳ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ ᠬᠤᠭᠤᠷᠣᠨᠳᠣᠬᠢ ᠨᠥᠬᠦᠷᠯᠡᠯ ᠢ ᠵᠤᠵᠠᠭᠠᠳᠬᠠᠵᠤ ᠂ ᠳᠤᠮᠳᠠᠳᠤ ᠶᠢᠨ ᠦᠨᠳᠦᠰᠦᠲᠡᠨ ᠨᠦᠭᠦᠳ ᠪᠣᠯ  ᠪᠦᠯᠬᠦᠮᠳᠡᠭᠰᠡᠨ ᠨᠢᠭᠡᠨ ᠭᠡᠷ ᠪᠦᠯᠢ ᠮᠦᠨ ᠭᠡᠬᠦ ᠦᠵᠡᠯ ᠰᠡᠳᠬᠢᠯᠭᠡ ᠶᠢ ᠣᠯᠡᠨ ᠤ ᠰᠡᠳᠬᠢᠯ ᠵᠢᠷᠦᠬᠡᠨ ᠳᠤ ᠦᠨᠳᠦᠰᠦᠯᠡᠭᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠪᠠᠲᠤᠳᠬᠠᠵᠤ ᠂ ᠥᠷᠭᠡᠨ ᠤᠯᠠᠨ ᠰᠠᠭᠤᠭᠠᠯᠢ ᠠᠷᠠᠳ ᠤᠨ ᠤᠯᠤᠰ ᠢᠶᠠᠨ ᠬᠠᠶᠢᠷᠠᠯᠠᠬᠤ ᠨᠠᠮ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠦᠭᠵᠢᠭᠡᠨ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠨᠡᠶᠢᠭᠡᠮ ᠤᠨ ᠡᠶ᠎ᠡ ᠵᠣᠬᠢᠴᠠᠯ ᠢ ᠬᠠᠮᠲᠤ ᠪᠠᠷ ᠴᠣᠬᠴᠠᠯᠠᠬᠤ ᠰᠠᠶᠢᠨ ᠰᠠᠶᠢᠬᠠᠨ ᠬᠡᠪ ᠪᠠᠶᠢᠳᠠᠯ ᠢ ᠪᠤᠢ ᠪᠣᠯᠭᠠᠭᠰᠠᠨ ᠪᠠᠶᠢᠨ᠎ᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1