ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠥ ︽ᠬᠤᠶᠠᠷ ᠰᠠᠭᠤᠷᠢᠨ︾᠎ ᠤ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠰᠦᠨ ᠱᠤᠤ ᠴᠧᠩ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2022/6/29
     6 ᠰᠠᠷ᠎ᠠ ᠶᠢᠨ 24᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠢ ᠡᠷᠬᠢᠯᠡᠵᠡᠢ᠃ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠳᠥᠴᠢᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠥᠪᠥᠷ ᠮᠣᠩᠭᠤᠯ ᠤᠨ ᠤᠯᠤᠰ ᠲᠥᠷᠥ ᠶᠢᠨ ᠠᠮᠢ ᠠᠬᠤᠶ ᠨᠢᠭᠡ ᠦᠶ᠎ᠡ ᠬᠦᠨᠳᠦ ᠨᠣᠴᠢᠲᠠᠶ ᠭᠠᠮᠰᠢᠭᠳᠠᠵᠤ᠂ ᠣᠲᠣ ᠶᠠᠭ ︽ᠭᠠᠮᠰᠢᠭ ᠤᠨ ᠳᠠᠷᠠᠭᠠᠬᠢ ᠳᠠᠬᠢᠨ ᠪᠥᠲᠥᠭᠡᠨ ᠪᠠᠶᠢᠭᠤᠯᠬᠤ︾ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠃ ᠴᠢᠩᠭ᠎ᠠ ᠪᠠᠶᠢᠬᠤ ᠭᠤᠣᠯ ᠬᠦᠭ ᠠᠶᠠᠰ ᠢ ᠢᠮᠠᠭᠲᠠ ᠭᠤᠶᠢᠪᠢᠰᠢ ᠦᠭᠡᠢ ᠪᠠᠷᠢᠮᠲᠠᠯᠠᠵᠤ᠂ ᠡᠯ᠎ᠡ ᠬᠦᠷᠢᠶᠡᠨ ᠤ ᠢᠯᠵᠡᠷᠡᠯ ᠢ ᠡᠰᠡᠷᠭᠦᠴᠡᠬᠦ ᠲᠡᠮᠡᠴᠡᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠡᠮᠡᠭᠳᠡᠯ ᠢ ᠡᠷᠡᠰ ᠬᠤᠷᠢᠭᠯᠠᠵᠤ᠂ ᠦᠯᠡᠳᠡᠭᠳᠡᠯ ᠢ ᠡᠷᠡᠰ ᠠᠷᠢᠯᠭᠠᠬᠤ ᠬᠡᠷᠡᠭᠲᠡᠢ᠃ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠢᠯᠵᠠᠷᠠᠯ ᠢ ᠡᠰᠡᠷᠭᠦᠴᠡᠬᠦ ᠰᠡᠷᠭᠡᠶᠢᠯᠡᠯᠲᠡ ᠶᠢᠨ ᠱᠤᠭᠤᠮ ᠢ ᠤᠷᠤᠭᠰᠢ ᠰᠢᠯᠵᠢᠭᠦᠯᠦᠨ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ᠠᠵᠢᠯ ᠤᠨ ᠳᠡᠰ ᠳᠠᠷᠠᠭᠠᠯᠠᠯ ᠢ ᠵᠢᠷᠤᠮᠵᠢᠭᠤᠯᠤᠨ᠂ ᠡᠷᠬᠡ ᠶᠢᠨ ᠬᠢᠵᠠᠭᠠᠷᠯᠠᠯ ᠢ ᠴᠢᠩᠭᠠᠳᠬᠠᠵᠤ᠂ ᠢᠯᠵᠠᠷᠠᠬᠤ ᠲᠣᠬᠢᠶᠠᠯ ᠢ ᠬᠦᠴᠦᠯᠡᠨ ᠪᠠᠭᠠᠰᠬᠠᠬᠤ ᠬᠡᠷᠡᠭᠲᠡᠢ᠃ ᠤᠳᠤᠷᠢᠳᠬᠤ ᠺᠠᠳ᠋ᠷᠴᠤᠳ ᠪᠡᠶ᠎ᠡ ᠪᠠᠨ ᠴᠢᠩᠭ᠎ᠠ ᠱᠠᠭᠠᠷᠳᠠᠵᠤ᠂ ᠠᠷᠢᠭᠤᠨ ᠴᠢᠬᠡᠴᠢ ᠪᠠᠶᠢᠬᠤ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠥᠪᠡᠷ ᠤᠨ ᠤᠯᠤᠰ ᠲᠦᠷᠦ ᠶᠢᠨ ᠠᠮᠢ ᠨᠠᠰᠤ ᠪᠠᠨ ᠰᠠᠶᠢᠲᠤᠷ ᠰᠠᠬᠢᠬᠤ ᠬᠡᠷᠡᠭᠲᠡᠢ ᠬᠡᠵᠥ ᠵᠢᠭᠠᠵᠥ ᠭᠠᠷᠭᠠᠪᠠ᠃     ᠬᠤᠷᠠᠯ ᠠᠴᠠ ᠮᠠᠨ ᠤ ᠣᠷᠣᠨ ᠤ ︽ᠬᠤᠶᠠᠷ ᠰᠠᠭᠤᠷᠢᠨ︾᠎ ᠤ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ︽ᠬᠤᠶᠠᠷ ᠰᠠᠭᠤᠷᠢᠨ︾᠎ ᠤ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠪᠣᠯ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠤᠨ᠎ᠠ᠃ ᠣᠶᠢᠷ᠎ᠠ ᠶᠢᠨ ᠵᠢᠯ ᠳᠤ᠂ ᠪᠦᠬᠦ ᠣᠷᠣᠨ ᠤ ᠳᠡᠭᠡᠷ᠎ᠡ ᠳᠣᠣᠷ᠎ᠠ ᠱᠠᠲᠤᠨ ᠤ ᠴᠥᠬᠦᠷᠡᠰᠢ ᠦᠭᠡᠶ ᠴᠢᠷᠮᠠᠶᠢᠯᠭ᠎ᠠ ᠪᠠᠷ ᠳᠠᠮᠵᠢᠭᠠᠳ᠂ ︽ᠬᠤᠶᠠᠷ ᠰᠠᠭᠤᠷᠢᠨ︾᠎ ᠤ ᠪᠦᠲᠦᠭᠡᠨ ᠪᠠᠶᠢᠭᠤᠯᠤᠯᠲᠠ ᠢᠯᠡᠷᠬᠡᠶ ᠠᠮᠵᠢᠯᠲᠠ ᠣᠯᠪᠠ᠃ ᠠᠵᠢᠯ ᠤᠨ ᠲᠥᠰᠦᠯ ᠢᠶᠠᠨ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ᠃ ᠦᠷ᠎ᠡ ᠠᠰᠢᠭ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠰᠢᠨ᠎ᠡ ᠡᠨᠧᠷᠭᠢ ᠶᠢᠨ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠬᠦ ᠭᠡᠷᠡᠭᠳᠠᠢ᠃ ᠨᠡᠭᠦᠷᠡᠰᠦ᠂ ᠨᠡᠭᠦᠷᠡᠰᠦ ᠪᠠᠷ ᠴᠠᠬᠢᠯᠭᠠᠨ ᠭᠠᠷᠭᠠᠬᠤ ᠬᠠᠩᠭᠠᠯᠭ᠎ᠠ ᠶᠢ ᠪᠠᠲᠤᠯᠠᠬᠤ ᠡᠭᠦᠷᠭᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠭᠡᠷᠡᠭᠳᠠᠢ᠃ ᠠᠮᠤ ᠪᠤᠳᠠᠭᠠᠨ ᠤ ᠦᠶ᠋ᠯᠡᠳᠪᠦᠷᠢᠯᠡᠯ ᠢ ᠰᠠᠶᠢᠲᠤᠷ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠤᠨ ᠪᠤᠯᠪᠠᠰᠤᠷᠠᠭᠤᠯᠬᠤ ᠶᠢ ᠶᠡᠭᠡ ᠪᠠᠷ ᠬᠥᠭᠵᠢᠭᠦᠯᠵᠦ᠂ ᠰᠦ ᠶᠢᠨ ᠦᠶ᠋ᠯᠡᠰ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠭᠡᠨ ᠠᠬᠢᠭᠤᠯᠵᠤ᠂ ᠣᠲᠣ ᠦᠶ᠎ᠡ ᠶᠢᠨ ᠡᠪᠡᠰᠦᠨ ᠤ ᠦᠶ᠋ᠯᠡᠰ ᠢ ᠢᠳᠡᠪᠬᠢᠲᠡᠶ ᠬᠥᠭᠵᠢᠭᠦᠯᠬᠦ ᠭᠡᠷᠡᠭᠳᠠᠢ ᠭᠡᠵᠤ ᠵᠢᠭᠠᠵᠤ ᠭᠠᠷᠭᠠᠪᠠ᠃     ᠬᠤᠷᠠᠯ ᠠᠴᠠ ︽ᠮᠤᠵᠢ ᠶᠢᠨ ᠲᠡᠰ ᠤᠨ ᠤᠳᠤᠷᠢᠳᠬᠤ ᠨᠥᠬᠦᠳ ᠤᠨ ᠪᠠᠶᠢᠴᠠᠭᠠᠨ ᠰᠤᠳᠤᠯᠬᠤ ᠠᠵᠢᠯ ᠢ ᠤᠯᠠᠮ ᠴᠢᠨᠠᠭᠰᠢᠳᠠ ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾᠂ ︽ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠤᠷᠮᠠᠰᠢᠭᠤᠯᠤᠨ ᠵᠣᠷᠢᠭᠵᠢᠭᠤᠯᠬᠤ ᠲᠤᠬᠠᠢ ᠠᠷᠪᠠᠨ ᠬᠤᠶᠠᠷ ᠵᠦᠢᠯ ᠤᠨ ᠠᠷᠭ᠎ᠠ ᠬᠡᠮᠵᠢᠶ᠎ᠡ︾᠂ ︽2022 ᠣᠨ ᠤ ︿ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠰᠡᠨ ᠰᠠᠶᠢᠨ ᠺᠠᠳ᠋ᠷ ﹀᠎ ᠢ ᠰᠢᠯᠭᠠᠷᠠᠭᠤᠯᠬᠤ ᠠᠵᠢᠯ ᠤᠨ ᠬᠡᠷᠡᠭᠵᠢᠭᠦᠯᠬᠦ ᠲᠥᠰᠦᠯ︾᠂ ︽ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠪᠦᠬᠦ ᠨᠡᠶᠢᠭᠡᠮ ᠤᠨ ᠡᠬᠢ ᠪᠠᠶᠠᠯᠢᠭ ᠢ ᠪᠦᠬᠦ ᠲᠠᠯ᠎ᠠ ᠪᠠᠷ ᠠᠷᠪᠢᠯᠠᠨ ᠡᠷᠴᠢᠮᠵᠢᠭᠦᠯᠬᠦ ᠶᠢ ᠠᠬᠢᠭᠤᠯᠬᠤ ᠲᠤᠬᠠᠢ ᠵᠢᠯᠣᠭᠤᠳᠬᠤ ᠰᠠᠨᠠᠯ︾᠂ ︽ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠵᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾᠂ ︽ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠵᠢᠯᠣᠭᠤᠳᠬᠤ ᠰᠠᠨᠠᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃     
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1