ᠮᠠᠨ ᠤ ᠣᠷᠣᠨ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠰᠢᠨ᠎ᠡ ᠵᠠᠮ ᠢᠶᠠᠷ ᠵᠠᠮᠨᠠᠪᠠ
ᠨᠡᠶᠢᠲᠡᠯᠡᠭᠰᠡᠨ ᠴᠠᠭ᠄
2022/6/29
     6 ᠳ᠋ᠤᠭᠠᠷ ᠰᠠᠷ᠎ᠠ ᠶᠢᠨ 25᠎ ᠤ ᠡᠳᠦᠷ᠂ ︽ᠨᠤᠲᠤᠭ ᠪᠡᠯᠴᠢᠭᠡᠷ ᠢ ᠬᠠᠤᠯᠢ ᠶᠣᠰᠣᠭᠠᠷ ᠬᠠᠮᠠᠭᠠᠯᠠᠵᠤ ᠠᠮᠢ ᠠᠬᠤᠢ ᠶᠢᠨ ᠪᠣᠯᠪᠠᠰᠤᠨ ᠢ ᠪᠠᠶᠢᠭᠤᠯᠬᠤ︾᠎ ᠪᠠᠷ ᠰᠡᠳᠦᠪᠯᠡᠭᠰᠡᠨ 2022 ᠣᠨ ᠤ ᠪᠥᠬᠦ ᠣᠷᠣᠨ ᠤ ᠨᠤᠲᠤᠭ ᠪᠡᠯᠴᠢᠭᠡᠷ ᠤᠨ ᠬᠠᠤᠯᠢ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠬᠥᠯᠥᠨ ᠪᠤᠶᠢᠷ ᠬᠤᠲᠠ ᠳᠤ ᠶᠠᠪᠤᠭᠳᠠᠪᠠ ᠃ ᠣᠶᠢᠯᠠᠭᠠᠭᠰᠠᠨ ᠢᠶᠠᠷ᠂ ᠣᠯᠠᠨ ᠵᠢᠯ ᠤᠨ ᠲᠤᠷᠰᠢ ᠮᠠᠨ ᠤ ᠣᠷᠣᠨ ᠨᠤᠲᠤᠭ ᠪᠡᠯᠴᠢᠭᠡᠷ᠂ ᠣᠶ ᠰᠢᠭᠤᠢ ᠶᠢ ᠬᠠᠮᠠᠭᠠᠯᠠᠬᠤ ᠶᠢ ᠪᠥᠬᠦ ᠣᠷᠣᠨ ᠤ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠠᠯᠢ ᠣᠯᠠᠨ ᠡᠭᠦᠳᠦᠯᠲᠡ ᠶᠢᠨ ᠴᠢᠨᠠᠷᠲᠠᠢ᠂ ᠥᠪᠡᠷᠮᠢᠴᠡ ᠴᠢᠨᠠᠷᠲᠠᠢ ᠠᠷᠭ᠎ᠠ ᠬᠡᠮᠵᠢᠶ᠎ᠡ ᠠᠪᠴᠤ᠂ ᠪᠥᠬᠦ ᠣᠷᠣᠨ ᠤ ᠨᠤᠲᠤᠭ ᠪᠡᠯᠴᠢᠭᠡᠷ ᠤᠨ ᠠᠮᠢ ᠠᠬᠤᠢ᠂ ᠮᠠᠯᠴᠢᠳ ᠤᠨ ᠠᠮᠢᠳᠤᠷᠠᠯ᠂ ᠮᠠᠯ ᠠᠵᠤ ᠠᠬᠤᠢ ᠶᠢᠨ ᠬᠥᠭᠵᠢᠯᠲᠡ ᠪᠥᠬᠦ ᠲᠠᠯ᠎ᠠ ᠪᠠᠷ ᠰᠠᠶᠢᠵᠢᠷᠠᠵᠤ᠂ ᠥᠪᠥᠷ ᠮᠣᠩᠭᠤᠯ ᠤᠨ ᠣᠨᠴᠠᠯᠢᠭ ᠪᠦᠬᠦᠢ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠰᠢᠨ᠎ᠡ ᠵᠠᠮ ᠢᠶᠠᠷ ᠵᠠᠮᠨᠠᠪᠠ᠃     ᠤᠢ ᠰᠢᠭᠤᠢ ᠪᠠ ᠨᠤᠲᠤᠭ ᠪᠡᠯᠴᠢᠭᠡᠷ ᠨᠢ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠳᠤ ᠰᠠᠭᠤᠷᠢᠯᠠᠬᠤ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠦᠢᠯᠡᠳᠦᠯ ᠲᠠᠢ᠂ ᠤᠢ ᠰᠢᠭᠤᠢ ᠨᠤᠲᠤᠭ ᠪᠡᠯᠴᠢᠭᠡᠷ ᠬᠥᠭᠵᠢᠪᠡᠯ ᠰᠠᠶ᠋ᠢ ᠠᠮᠢ ᠠᠬᠤᠢ ᠬᠥᠭᠵᠢᠵᠦ ᠴᠢᠳᠠᠨ᠎ᠠ᠃ ᠤᠯᠤᠰ ᠤᠨ ᠨᠤᠲᠤᠭ ᠳᠡᠪᠢᠰᠬᠡᠷ ᠤᠨ ︽ᠭᠤᠷᠪᠠ ᠶᠢ ᠲᠣᠬᠢᠷᠠᠭᠤᠯᠤᠭᠰᠠᠨ︾ ᠦᠷ᠎ᠡ ᠳ᠋ᠦᠩ ᠠᠴᠠ ᠦᠵᠡᠪᠡᠯ᠂ ᠥᠪᠥᠷ ᠮᠣᠩᠭᠤᠯ ᠤᠨ ᠨᠤᠲᠤᠭ ᠪᠡᠯᠴᠢᠭᠡᠷ ᠤᠨ ᠲᠠᠯᠠᠪᠠᠶ ᠨᠢ ᠤᠯᠤᠰ ᠤᠨ ᠨᠤᠲᠤᠭ ᠳᠡᠪᠢᠰᠬᠡᠷ ᠤᠨ ᠲᠠᠯᠠᠪᠠᠶ ᠶᠢᠨ 46%᠎ ᠶᠢ ᠡᠵᠡᠯᠡᠵᠦ᠂ ᠲᠠᠷᠢᠶᠠᠨ ᠭᠠᠵᠠᠷ ᠤᠨ 4 ᠳᠠᠬᠢᠨ᠂ ᠣᠶᠢᠲᠤ ᠭᠠᠵᠠᠷ ᠤᠨ 2 ᠳᠠᠬᠢᠨ ᠪᠠᠶᠢᠳᠠᠭ᠃ ᠥᠪᠥᠷ ᠮᠣᠩᠭᠤᠯ ᠤᠨ ᠴᠢᠬᠤᠯᠠ ᠠᠮᠢ ᠠᠬᠤᠢ ᠶᠢᠨ ᠰᠢᠰᠲ᠋ᠧᠮ ᠪᠠ ᠪᠠᠶᠢᠭᠠᠯᠢ ᠶᠢᠨ ᠡᠬᠢ ᠪᠠᠶᠠᠯᠢᠭ ᠪᠣᠯᠤᠭᠰᠠᠨ ᠤ ᠬᠤᠪᠢ ᠳᠤ᠂ ᠨᠤᠲᠤᠭ ᠪᠡᠯᠴᠢᠭᠡᠷ ᠨᠢ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠪᠠ ᠬᠢᠯᠢ ᠬᠢᠵᠠᠭᠠᠷ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠦᠨᠳᠦᠰᠦᠲᠡᠨ ᠤ ᠪᠦᠯᠬᠦᠮᠳᠡᠯ ᠪᠠ ᠠᠵᠤ ᠠᠬᠤᠢ ᠨᠡᠶᠢᠭᠡᠮ ᠤᠨ ᠦᠷᠭᠦᠯᠵᠢᠯᠡᠬᠦ᠋ᠢᠴᠡ ᠬᠥᠭᠵᠢᠯᠲᠡ ᠶᠢ ᠠᠬᠢᠭᠤᠯᠬᠤ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠵᠡᠷᠭᠡ ᠲᠠᠯ᠎ᠠ ᠪᠠᠷ ᠮᠠᠰᠢ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠲᠠᠢ ᠶᠤᠮ᠃     ᠣᠯᠠᠨ ᠵᠢᠯ ᠤᠨ ᠲᠤᠷᠰᠢ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠤᠷᠢᠳ ᠬᠤᠵᠢᠳ ︽ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾᠂ ︽ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠦᠷᠢᠮ︾᠂ ︽ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ︾᠂ ︽ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ︾ ᠵᠡᠷᠭᠡ ᠣᠷᠣᠨ ᠨᠤᠲᠤᠭ ᠤᠨ ᠴᠢᠨᠠᠷᠲᠠᠢ ᠬᠠᠤᠯᠢ ᠴᠠᠭᠠᠵᠠ ᠳᠦᠷᠢᠮ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠨᠤᠲᠤᠭ ᠪᠡᠯᠴᠢᠭᠡᠷ ᠢ ᠬᠠᠤᠯᠢ ᠶᠣᠰᠣᠭᠠᠷ ᠬᠠᠮᠠᠭᠠᠯᠠᠬᠤ᠂ ᠥᠷᠭᠡᠨ ᠣᠯᠠᠨ ᠮᠠᠯᠴᠢᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠳᠤ ᠴᠢᠩᠭ᠎ᠠ ᠬᠦᠴᠦᠲᠡᠢ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠪᠠ᠃     ᠡᠭᠦᠨ ᠤ ᠬᠠᠮᠲᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠯᠲᠡ ᠶᠢ ᠶᠡᠭᠡ ᠪᠠᠷ ᠠᠬᠢᠭᠤᠯᠵᠤ᠂ ᠨᠤᠲᠤᠭ ᠪᠡᠯᠴᠢᠭᠡᠷ ᠤᠨ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠣᠭᠲᠠᠭᠤᠨ ᠢᠶᠠᠷ ᠠᠬᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠦᠷᠢᠮ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠪᠣᠯᠣᠨ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠵᠥᠪᠰᠢᠶᠡᠷᠡᠯ ᠤᠨ ᠭᠠᠷ ᠭᠦᠢᠴᠡᠳᠬᠡᠯ ᠢ ᠴᠢᠩᠳᠠᠯᠠᠵᠤ᠂ ᠨᠤᠲᠤᠭ ᠪᠡᠯᠴᠢᠭᠡᠷ ᠤᠨ ᠬᠡᠷᠡᠭᠴᠡᠭᠡ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ᠂ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠶᠢ ᠬᠠᠤᠯᠢ ᠪᠤᠰᠤ ᠪᠠᠷ ᠵᠥᠪᠰᠢᠶᠡᠷᠡᠭᠰᠡᠨ ᠪᠠ ᠵᠥᠪᠰᠢᠶᠡᠷᠡᠯ ᠣᠯᠣᠭᠰᠠᠨ ᠦᠭᠡᠢ ᠪᠠᠷ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠭᠰᠡᠨ ᠬᠠᠤᠯᠢ ᠠᠴᠠ ᠵᠥᠷᠢᠴᠡᠭᠰᠡᠨ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠵᠠᠰᠠᠯᠲᠠ ᠶᠢᠨ ᠲᠣᠭᠲᠠᠯᠴᠠᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠤᠲᠤᠭ ᠪᠡᠯᠴᠢᠭᠡᠷ ᠢ ᠡᠵᠡᠩᠨᠡᠬᠦ ᠪᠠᠶᠢᠭᠤᠯᠤᠯ ᠤᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠥᠬᠦ ᠣᠷᠣᠨ ᠤ ᠨᠤᠲᠤᠭ ᠪᠡᠯᠴᠢᠭᠡᠷ ᠤᠨ ᠶᠡᠷᠦᠩᠬᠡᠢ ᠤᠷᠭᠤᠮᠠᠯ ᠤᠨ ᠬᠤᠴᠢᠯᠭ᠎ᠠ ᠶᠢ 45%᠎ ᠳᠤ ᠬᠦᠷᠦᠭᠦᠯᠵᠦ᠂ ᠵᠢᠯ ᠪᠦᠷᠢ ᠳᠤᠮᠳᠠᠴᠢ ᠪᠠᠷ 3000 ᠲᠦᠮᠡᠨ ᠮᠦ ᠡᠪᠡᠰᠦ ᠳᠠᠷᠢᠬᠤ ᠡᠭᠦᠷᠭᠡ ᠶᠢ ᠪᠡᠶᠡᠯᠡᠭᠦᠯᠵᠦ᠂ ᠬᠥᠷᠥᠰᠥ ᠰᠢᠷᠣᠢ ᠶᠢ ᠬᠠᠮᠠᠭᠠᠯᠠᠬᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠠᠮᠢ ᠠᠬᠤᠢ ᠶᠢᠨ ᠦᠢᠯᠡᠴᠢᠯᠡᠭᠡᠨ ᠤ ᠴᠢᠳᠠᠮᠵᠢ ᠶᠢ ᠦᠨᠡᠨ ᠬᠦ ᠪᠠᠳᠠᠷᠠᠭᠤᠯᠪᠠ᠃ ᠪᠥᠬᠦ ᠣᠷᠣᠨ ᠳᠤ ᠵᠢᠯ ᠪᠦᠷᠢ 4.04 ᠳ᠋ᠦᠩᠰᠢᠭᠤᠷ ᠮᠦ ᠨᠤᠲᠤᠭ ᠪᠡᠯᠴᠢᠭᠡᠷ ᠢ ᠪᠡᠯᠴᠢᠭᠡᠷᠯᠡᠭᠦᠯᠬᠦ ᠶᠢ ᠴᠠᠭᠠᠵᠠᠯᠠᠬᠤ ᠪᠠᠷ ᠳᠠᠮᠵᠢᠭᠤᠯᠤᠨ ᠠᠮᠤᠷᠵᠢᠭᠤᠯᠤᠨ ᠲᠡᠩᠬᠡᠷᠡᠭᠦᠯᠵᠦ᠂ 6.16 ᠳ᠋ᠦᠩᠰᠢᠭᠤᠷ ᠮᠦ ᠨᠤᠲᠤᠭ ᠪᠡᠯᠴᠢᠭᠡᠷ ᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠᠷ ᠳᠠᠮᠵᠢᠭᠤᠯᠤᠨ ᠵᠣᠬᠢᠰᠲᠠᠢ ᠠᠰᠢᠭᠯᠠᠵᠤ᠂ 140 ᠭᠠᠷᠤᠢ ᠲᠦᠮᠡᠨ ᠡᠷᠦᠬᠡ ᠮᠠᠯᠴᠢᠨ ᠲᠠᠷᠢᠶᠠᠴᠢᠨ ᠡᠭᠦᠨ ᠠᠴᠠ ᠠᠰᠢᠭ ᠬᠦᠷᠲᠡᠵᠦ ᠪᠠᠶᠢᠨ᠎ᠠ᠃     ᠲᠠᠷᠠᠭᠠᠴᠢ ᠶᠢᠨ ᠠᠯᠬᠤᠮ ᠳᠤ᠂ ᠮᠠᠨ ᠤ ᠣᠷᠣᠨ ᠦᠷᠭᠦᠯᠵᠢᠯᠡᠨ ︽ᠨᠢᠭᠡᠳᠦᠭᠡᠷ ᠱᠤᠭᠤᠮ ᠨᠢᠭᠡ ᠲᠣᠭᠤᠷᠢᠭ ᠬᠤᠶᠠᠷ ᠪᠦᠰᠡ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠤᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠬᠤᠷᠠᠮᠳᠤᠭᠤᠯᠤᠨ ᠨᠡᠮᠡᠭᠳᠡᠭᠦᠯᠬᠦ ᠬᠡᠮᠵᠢᠶ᠎ᠡ ᠶᠢ ᠪᠠᠬᠢᠵᠢᠭᠦᠯᠦᠨ ᠳᠡᠭᠡᠭᠰᠢᠯᠡᠭᠦᠯᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠨ᠎ᠠ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1