| | ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠠᠴᠠ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ | ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ | ᠲᠠᠯᠪᠢᠪᠠ᠃ | ᠸᠠᠩ ᠯᠢ ᠰᠢᠶᠠ᠂ ᠰᠢᠨ᠎ᠡ ᠨᠢᠭᠡ ᠡᠭᠡᠯᠵᠢ ᠶᠢᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠤᠯᠤᠰ ᠤᠨ ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ︽ᠬᠤᠣᠰ ᠵᠠᠭᠤᠨ ᠵᠢᠯ︾ ᠶᠢᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠰᠤᠷᠭᠠᠨ | ᠬᠥᠮᠥᠵᠢᠯ ᠤᠨ ᠬᠦᠴᠦᠷᠬᠡᠭ ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ | ᠲᠥᠯᠥᠭᠡ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠮᠥᠨ᠂ ᠡᠯ᠎ᠡ | ᠱᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠂ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠤᠯᠤᠰ ᠲᠥᠷᠥ ᠶᠢᠨ ᠲᠠᠯ᠎ᠠ ᠠᠴᠠ ᠦᠵᠡᠬᠦ᠂ ᠤᠯᠤᠰ | ᠲᠥᠷᠥ ᠶᠢᠨ ᠲᠠᠯ᠎ᠠ ᠠᠴᠠ ᠬᠢᠬᠦ ᠶᠢ ᠪᠠᠷᠢᠮᠲᠠᠯᠠᠨ᠂ ᠯᠠᠪᠳᠠᠭᠤᠨ ᠪᠠᠲᠤᠲᠠᠢ ᠪᠠᠷ ᠡᠯ᠎ᠡ ᠵᠦᠢᠯ ᠤᠨ ᠠᠵᠢᠯ ᠢ ᠰᠠᠶᠢᠲᠤᠷ | ᠠᠳᠬᠤᠵᠤ᠂ ᠲᠤᠭᠤᠰᠢᠲᠠᠢ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠸᠠᠩ ᠯᠢ ᠰᠢᠶᠠ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ | ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠬᠦ ᠳᠤ ᠠᠬᠢᠴᠠ ᠶᠢ ᠴᠢᠩᠭ᠎ᠠ | ᠠᠩᠬᠠᠷᠴᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠠᠵᠢᠯᠲᠠᠨ ᠤ ᠪᠣᠯᠪᠠᠰᠤᠷᠠᠭᠤᠯᠤᠯ ᠢ | ᠴᠢᠩᠭᠠᠳᠬᠠᠬᠤ ᠪᠠ ᠪᠠᠭᠰᠢ ᠶᠢᠨ ᠡᠩᠨᠡᠭᠡ ᠶᠢ ᠰᠢᠯᠢᠳᠡᠭᠵᠢᠭᠦᠯᠬᠦ ᠳᠡᠭᠡᠷ᠎ᠡ ᠬᠦᠴᠦ ᠲᠠᠯᠪᠢᠵᠤ᠂ ᠰᠤᠷᠭᠠᠭᠤᠯᠢ ᠡᠷᠬᠢᠯᠡᠬᠦ | ᠪᠡᠯᠡ ᠣᠷᠤᠭᠤᠯᠤᠯᠲᠠ ᠶᠢ ᠨᠡᠮᠡᠭᠳᠡᠭᠦᠯᠬᠦ ᠳᠡᠭᠡᠷ᠎ᠡ ᠬᠦᠴᠦ ᠲᠠᠯᠪᠢᠵᠤ᠂ ᠰᠣᠷᠣᠭᠴᠢᠳ ᠤᠨ ᠠᠮᠢᠳᠤᠷᠠᠯ ᠤᠨ | ᠲᠥᠯᠥᠪᠵᠢᠭᠦᠯᠭᠡ ᠶᠢ ᠰᠠᠶᠢᠲᠤᠷ ᠬᠢᠬᠦ ᠪᠠ ᠰᠣᠷᠣᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠬᠦ | ᠳᠡᠭᠡᠷ᠎ᠡ ᠬᠦᠴᠦ ᠲᠠᠯᠪᠢᠵᠤ᠂ ᠰᠢᠯᠭᠠᠯᠲᠠ ᠶᠢᠨ ᠰᠡᠳᠦᠪ ᠭᠠᠷᠭᠠᠬᠤ ᠴᠢᠳᠠᠪᠤᠷᠢ ᠶᠢ ᠳᠡᠭᠡᠭᠰᠢᠯᠡᠭᠦᠯᠬᠦ ᠳᠡᠭᠡᠷ᠎ᠡ ᠬᠦᠴᠦ | ᠲᠠᠯᠪᠢᠵᠤ᠂ ᠡᠯ᠎ᠡ ᠵᠦᠢᠯ ᠤᠨ ᠡᠭᠦᠷᠭᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠂ ᠣᠷᠣᠨ | ᠳᠠᠶᠠᠭᠠᠷ ᠢᠶᠠᠨ ᠬᠠᠷᠢᠭᠤᠴᠠᠯᠭ᠎ᠠ ᠪᠠᠨ ᠮᠡᠳᠡᠵᠦ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠵᠤ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ | ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠤᠳᠤᠷᠢᠳᠬᠤ ᠬᠦᠴᠦᠨ ᠢ ᠤᠯᠠᠮ ᠴᠢᠨᠠᠭᠰᠢᠳᠠ | ᠲᠡᠭᠦᠯᠳᠡᠷᠵᠢᠭᠦᠯᠦᠨ ᠴᠢᠩᠭᠠᠳᠬᠠᠵᠤ᠂ ᠡᠯ᠎ᠡ ᠵᠦᠢᠯ ᠤᠨ ᠰᠠᠭᠤᠷᠢ ᠨᠥᠬᠦᠴᠡᠯ ᠢ ᠲᠡᠭᠦᠯᠳᠡᠷᠵᠢᠭᠦᠯᠦᠨ᠂ ᠵᠥᠪ | ᠲᠠᠯ᠎ᠠ ᠶᠢᠨ ᠤᠬᠠᠭᠤᠯᠭ᠎ᠠ ᠵᠢᠯᠣᠭᠤᠳᠤᠯᠭ᠎ᠠ ᠶᠢ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠯ᠎ᠡ ᠵᠦᠢᠯ ᠤᠨ ᠡᠭᠦᠷᠭᠡ ᠶᠢ | ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠬᠤᠩ ᠹᠠᠨ ᠬᠤᠷᠠᠯ ᠢ ᠡᠷᠬᠢᠯᠡᠵᠦ᠂ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠰᠢᠶᠠᠨ ᠬᠤᠸᠠ ᠬᠤᠷᠠᠯ ᠳᠤ ᠣᠷᠣᠯᠴᠠᠵᠠᠢ᠃ | | |