| | 6 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2022 ᠣᠨ ᠤ 6 ᠳ᠋ᠤᠭᠠᠷ | ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠰᠢ ᠶᠢᠨ ᠫᠢᠩ ᠤᠨ ᠠᠵᠤ ᠠᠬᠤᠶ ᠶᠢᠨ ᠦᠵᠡᠯ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ | ᠯᠢ ᠰᠢᠶᠠ ᠬᠠᠮᠲᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ | ᠬᠤᠷᠠᠯ ᠠᠴᠠ᠂ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠶ ᠱᠦᠵᠢ ᠰᠢ ᠶᠢᠨ | ᠫᠢᠩ ᠮᠠᠨ ᠤ ᠣᠷᠣᠨ ᠤ ᠠᠵᠤ ᠦᠶ᠋ᠯᠡᠰ ᠢ ᠰᠢᠯᠢᠳᠡᠭᠵᠢᠭᠦᠯᠦᠨ ᠲᠠᠰ ᠳᠡᠪᠰᠢᠭᠦᠯᠬᠦ᠂ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠠᠯᠢ ᠣᠯᠠᠨ ᠴᠢᠬᠤᠯᠠ ᠵᠢᠭᠠᠪᠤᠷᠢ ᠱᠠᠭᠠᠷᠳᠠᠯᠭ᠎ᠠ ᠳᠤᠷᠠᠳᠴᠤ᠂ | ᠪᠢᠳᠡᠨ ᠤ ᠠᠵᠤ ᠦᠶ᠋ᠯᠡᠰ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ | ᠪᠠ ᠠᠵᠢᠯᠯᠠᠭᠠᠨ ᠤ ᠵᠦᠭᠯᠡᠭᠦᠷ ᠬᠠᠩᠭᠠᠪᠠ᠃ ᠪᠥᠬᠦ ᠣᠷᠣᠨ ᠳᠠᠶᠠᠭᠠᠷ ᠢᠶᠠᠨ ᠬᠦᠰᠡᠯ ᠨᠠᠶᠢᠳᠠᠯᠭ᠎ᠠ ᠶᠢ ᠪᠠᠲᠤ | ᠴᠡᠭᠡᠵᠢᠯᠡᠵᠦ᠂ ᠰᠢ ᠶᠢᠨ ᠫᠢᠩ ᠤᠨ ᠠᠵᠤ ᠠᠬᠤᠶ ᠶᠢᠨ ᠦᠵᠡᠯ ᠰᠠᠨᠠᠭᠠᠨ ᠤ ︽ᠥᠪᠥᠷ ᠮᠣᠩᠭᠤᠯ ᠤᠨ ᠬᠠᠭᠤᠳᠠᠰᠤ︾ | ᠶᠢ ᠦᠷᠭᠦᠯᠵᠢᠯᠡᠨ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠦᠴᠦᠨ ᠢᠶᠠᠷ ᠢᠶᠠᠨ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ | ᠨᠥᠬᠦᠪᠥᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠬᠦ ᠪᠠ ᠰᠦᠷᠦᠭᠵᠢᠯ ᠢ ᠪᠠᠶᠢᠭᠤᠯᠵᠥ ᠰᠦᠷᠦᠭᠵᠢᠯ ᠢ | ᠬᠦᠴᠦᠷᠬᠡᠭᠵᠢᠬᠦᠯᠵᠥ ᠰᠦᠷᠦᠭᠵᠢᠯ ᠢ ᠰᠢᠯᠢᠳᠡᠭᠵᠢᠬᠦᠯᠬᠦ ᠶᠢ ᠲᠦᠷᠭᠡᠳᠭᠡᠨ ᠠᠬᠢᠭᠤᠯᠬᠤ ᠬᠡᠷᠡᠭᠲᠡᠶ᠃ ᠭᠤᠣᠯᠳᠠᠯᠭ᠎ᠠ ᠶᠢ | ᠡᠵᠡᠮᠳᠡᠨ᠂ ᠲᠥᠪᠯᠡᠷᠡᠭᠦᠯᠦᠨ ᠪᠣᠭᠤᠮᠲᠠ ᠰᠢᠪᠲᠤᠯᠵᠤ᠂ ᠰᠦᠷᠦᠭᠵᠢᠯ ᠤᠨ ᠲᠦᠷᠦᠭᠦᠨ ᠢ ᠠᠳᠬᠤᠨ᠂ ᠬᠡᠯᠬᠢᠶ᠎ᠡ ᠶᠢᠨ | ᠭᠤᠣᠯ ᠢ ᠠᠳᠬᠤᠵᠤ᠂ ᠲᠠᠰᠤᠷᠬᠠᠶ ᠴᠡᠭ ᠢ ᠠᠳᠬᠤᠨ᠂ ᠳᠤᠲᠠᠭᠤᠳᠠᠯ ᠢ ᠠᠳᠬᠤᠵᠤ᠂ ᠲᠦᠷᠦᠯ ᠵᠦᠢᠯ ᠢ ᠠᠳᠬᠤᠨ᠂ | ᠠᠷᠠᠯᠵᠢᠶᠠᠴᠢᠨ ᠤᠷᠢᠬᠤ ᠶᠢ ᠠᠳᠬᠤᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠠᠳᠬᠤᠨ᠂ ᠲᠦᠷᠦᠯ | ᠲᠡᠮᠳᠡᠭ ᠢ ᠠᠳᠬᠤᠵᠤ᠂ ᠬᠦᠷᠢᠶᠡᠯᠡᠩ ᠲᠣᠭᠤᠷᠢᠭ ᠢ ᠠᠳᠬᠤᠨ᠂ ᠡᠷᠴᠢᠮᠵᠢᠬᠦᠯᠬᠦ ᠶᠢ ᠠᠳᠬᠤᠵᠤ᠂ ᠤᠯᠤᠰ ᠤᠨ | ᠥᠮᠴᠢᠯᠡᠯ ᠤᠨ ᠠᠵᠤ ᠠᠬᠤᠶᠢᠯᠠᠯ ᠢ ᠠᠳᠬᠤᠨ᠂ ᠬᠠᠮᠲᠤᠷᠠᠯᠴᠠᠭ᠎ᠠ ᠶᠢ ᠠᠳᠬᠤᠵᠤ᠂ ᠨᠡᠭᠡᠭᠡᠯᠲᠡ ᠬᠢᠬᠦ ᠶᠢ ᠠᠳᠬᠤᠨ᠂ | ᠬᠢᠯᠢ ᠶᠢᠨ ᠪᠣᠭᠤᠮᠲᠠ ᠶᠢ ᠠᠳᠬᠤᠵᠤ᠂ ᠲᠦᠷᠦ ᠶᠢᠨ ᠪᠤᠳᠤᠯᠭ᠎ᠠ ᠶᠢ ᠠᠳᠬᠤᠨ᠂ ᠲᠠᠪᠴᠠᠩ ᠢ ᠠᠳᠬᠤᠵᠤ᠂ ᠠᠵᠤ | ᠦᠢᠯᠡᠰ ᠤᠨ ᠰᠦᠷᠦᠭᠵᠢᠯ ᠪᠣᠯᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ | ᠲᠠᠰᠤᠷᠠᠯᠲᠠ ᠦᠭᠡᠢ ᠰᠢᠨ᠎ᠡ ᠬᠥᠭᠵᠢᠯᠲᠡ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠴᠢᠩᠭ᠎ᠠ ᠠᠳᠬᠤᠨ ᠲᠦᠷᠭᠡᠨ | ᠰᠢᠢᠳᠪᠦᠷᠢᠯᠡᠵᠦ᠂ ᠴᠢᠭᠯᠡᠯ ᠣᠨᠣᠪᠴᠢᠲᠠᠢ᠂ ᠠᠵᠢᠯ ᠪᠣᠳᠠᠲᠠᠢ᠂ ᠠᠶᠢᠵᠠᠮ ᠲᠦᠷᠭᠡᠨ ᠪᠠᠶᠢᠬᠤ ᠶᠢ ᠪᠡᠶᠡᠯᠡᠭᠦᠯᠵᠦ᠂ ᠡᠯ᠎ᠡ | ᠵᠦᠢᠯ ᠤᠨ ᠠᠵᠢᠯ ᠢ ᠦᠨᠡᠨ ᠪᠣᠳᠠᠲᠠᠢ ᠠᠳᠬᠤᠵᠤ᠂ ᠨᠢᠭᠡᠳ ᠨᠢᠭᠡ ᠪᠠᠷ ᠦᠷ᠎ᠡ ᠪᠦᠲᠦᠮᠵᠢ ᠭᠠᠷᠭᠠᠵᠤ᠂ ᠪᠦᠬᠦ | ᠣᠷᠣᠨ ᠤ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠰᠠᠶᠢᠨ ᠰᠠᠶᠢᠬᠠᠨ | ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠳᠤ ᠪᠡᠯᠡᠭ ᠬᠦᠷᠭᠡᠬᠦ ᠬᠡᠷᠡᠭᠲᠡᠢ ᠭᠡᠵᠦ ᠵᠢᠭᠠᠵᠥ ᠭᠠᠷᠭᠠᠪᠠ᠃ | | | |