| | ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ | ᠭᠡᠷ ᠤᠨ ᠡᠷᠭᠢᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ | ︾ ᠶᠢᠨ ᠰᠣᠨᠢᠨ ᠮᠡᠳᠡᠭᠡ ᠨᠡᠶᠢᠳᠡᠯᠡᠬᠦ ᠬᠤᠷᠠᠯ ᠠᠴᠠ ᠤᠶᠢᠯᠠᠭᠠᠭᠰᠠᠨ ᠢᠶᠠᠷ ︽ᠡᠩ ᠤᠨ ᠶᠡᠭᠡ ᠳᠡᠭᠡᠳᠦ | ᠰᠤᠷᠭᠠᠭᠤᠯᠢ ᠶᠢᠨ ᠰᠢᠯᠭᠠᠯᠲᠠ ᠪᠠᠷ ᠰᠣᠷᠣᠭᠴᠢ ᠡᠯᠰᠡᠬᠦ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠳᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠥᠯ︾ ᠢ ᠵᠢᠩᠬᠢᠨᠢ ᠪᠠᠷ | ᠳᠠᠷᠤᠮᠠᠯᠯᠠᠨ ᠲᠠᠷᠬᠠᠭᠠᠪᠠ᠂ ᠮᠠᠨ ᠤ ᠣᠷᠣᠨ ᠪᠥᠬᠦ ᠤᠯᠤᠰ ᠤᠨ ᠲᠠᠪᠤᠳᠤᠭᠠᠷ ᠪᠦᠯᠦᠭ ᠤᠨ ᠶᠡᠭᠡ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠡᠬᠢᠯᠡᠭᠦᠯᠦᠭᠰᠡᠨ ᠨᠠᠢᠮᠠᠨ ᠮᠤᠵᠢ ᠣᠷᠣᠨ ᠤ ᠨᠢᠭᠡ ᠪᠣᠯᠤᠭᠰᠠᠨ ᠤ ᠬᠤᠪᠢ ᠳᠤ᠂ 2022 ᠣᠨ ᠤ | ᠨᠠᠮᠤᠷ ᠤᠨ ᠤᠯᠠᠷᠢᠯ ᠰᠤᠷᠭᠠᠭᠤᠯᠢ ᠳᠤ ᠣᠷᠣᠭᠰᠠᠨ ᠥᠨᠳᠥᠷ ᠳᠤᠮᠳᠠᠳᠤ ᠶᠢᠨ ᠨᠢᠭᠡᠳᠦᠭᠡᠷ ᠣᠨ ᠤ | ᠰᠤᠷᠤᠭᠴᠢᠳ ᠠᠴᠠ ᠡᠬᠢᠯᠡᠨ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ | ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠬᠡᠷᠡᠭᠵᠢᠬᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠠᠷᠢᠭᠤᠴᠠᠯᠭᠠᠲᠠᠨ ᠤ | ᠲᠠᠨᠢᠯᠴᠠᠭᠤᠯᠤᠭᠰᠠᠨ ᠢᠶᠠᠷ᠂ ᠤᠯᠤᠰ ᠤᠨ ᠨᠢᠬᠡᠳᠦᠯᠳᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠳᠤ | ᠭᠤᠣᠯᠳᠠᠭᠤ ᠳᠥᠷᠪᠡᠨ ᠲᠠᠯ᠎ᠠ ᠶᠢᠨ ᠠᠭᠤᠯᠭ᠎ᠠ ᠪᠠᠭᠲᠠᠨ᠎ᠠ᠄ ᠨᠢᠭᠡ ᠳᠤ᠂ ᠡᠩ ᠤᠨ ᠥᠨᠳᠥᠷ ᠳᠤᠮᠳᠠᠳᠤ ᠶᠢᠨ | ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠳᠠ ᠶᠢᠨ ᠲᠦᠷᠢᠮ ᠢ ᠲᠡᠬᠦᠯᠳᠡᠷᠵᠢᠬᠦᠯᠦᠨ᠎ᠡ︔ ᠬᠤᠶᠠᠷ ᠲᠤ᠂ ᠡᠩ ᠤᠨ | ᠥᠨᠳᠥᠷ ᠳᠤᠮᠳᠠᠳᠤ ᠶᠢᠨ ᠰᠣᠷᠣᠭᠴᠢ ᠶᠢᠨ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠶᠢᠨ ᠳᠦᠷᠢᠮ ᠢ | ᠲᠦᠷᠢᠮᠵᠢᠬᠦᠯᠦᠨ᠎ᠡ᠃ ᠭᠤᠷᠪᠠ ᠳᠤ᠂ ᠤᠯᠤᠰ ᠤᠨ ᠨᠢᠭᠡᠳᠦᠯᠲᠡᠢ ᠰᠢᠯᠭᠠᠯᠲᠠ ᠶᠢᠨ ᠰᠢᠯᠭᠠᠯᠳᠠ ᠪᠠᠷ ᠰᠤᠷᠤᠭᠴᠢ | ᠡᠯᠰᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ︔ ᠳᠥᠷᠪᠡ ᠳᠤ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠲᠦᠷᠦᠯ ᠬᠤᠪᠢᠶᠠᠨ ᠰᠢᠯᠭᠠᠵᠤ ᠰᠤᠷᠤᠭᠴᠢ ᠡᠯᠰᠡᠬᠦ ᠥᠭᠡᠷᠡᠴᠢᠯᠡᠯᠲᠡ ᠶᠢ ᠠᠬᠢᠭᠤᠯᠤᠨ᠎ᠠ᠃ | 2025 ᠣᠨ ᠪᠣᠯᠬᠤ ᠳᠤ᠂ ᠲᠥᠷᠥᠯ ᠬᠤᠪᠢᠶᠠᠨ ᠰᠢᠯᠭᠠᠬᠤ᠂ ᠶᠡᠷᠦᠩᠬᠡᠶᠢᠯᠡᠨ ᠦᠨᠡᠯᠡᠬᠦ᠂ ᠣᠯᠠᠨ ᠡᠰᠢᠴᠢᠯᠡᠨ | ᠡᠯᠰᠡᠬᠦ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠪᠠᠷ ᠰᠣᠷᠣᠭᠴᠢ ᠡᠯᠰᠡᠬᠦ ᠳᠦᠷᠢᠮ ᠢ ᠦᠨᠳᠦᠰᠦᠨ ᠳᠡᠭᠡᠨ | ᠪᠦᠷᠢᠯᠳᠦᠬᠦᠯᠵᠦ᠂ ᠲᠥᠪ ᠭᠤᠣᠯᠴᠢ᠂ ᠰᠢᠨᠵᠢᠯᠡᠬᠦ ᠤᠬᠠᠭᠠᠨᠴᠢ ᠪᠠᠷ ᠴᠢᠳᠠᠪᠤᠷᠢᠲᠠᠨ ᠰᠣᠩᠭᠤᠬᠤ᠂ ᠬᠢᠨᠠᠯᠳᠠ | ᠲᠠᠯᠪᠢᠯᠳᠠ ᠬᠦᠴᠦᠳᠡᠢ ᠪᠠᠶᠢᠬᠤ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠦᠨ ᠠᠬᠢᠭᠤᠯᠤᠨ᠎ᠠ᠃ | ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠢᠯᠭᠠᠯᠲᠠ ᠪᠠᠷ ᠰᠣᠷᠣᠭᠴᠢ ᠡᠯᠰᠡᠬᠦ ᠳᠤ ᠡᠩ ᠤᠨ | ᠶᠡᠭᠡ ᠳᠡᠭᠡᠳᠦ ᠰᠤᠷᠭᠠᠭᠤᠯᠢ ᠶᠢᠨ ᠨᠢᠭᠡᠳᠦᠯᠲᠡᠢ ᠰᠢᠯᠭᠠᠯᠲᠠ ᠪᠠᠷ ᠰᠣᠷᠣᠭᠴᠢ ᠡᠯᠰᠡᠬᠦ ︵ᠡᠩ ᠤᠨ ᠶᠡᠭᠡ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠬᠡᠳᠦᠯᠳᠡᠢ ᠰᠢᠯᠭᠠᠯᠲᠠ︶ ᠪᠠ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠶᠢᠨ ᠲᠦᠷᠦᠯ ᠬᠤᠪᠢᠶᠠᠨ ᠰᠤᠷᠤᠭᠴᠢ ᠡᠯᠰᠡᠬᠦ ᠪᠠᠭᠳᠠᠨ᠎ᠠ᠃ ᠮᠠᠨ ᠤ ᠣᠷᠣᠨ ︽ᠰᠢᠨ᠎ᠡ | ᠮᠠᠶ᠋ᠢᠭ ᠤᠨ ᠤᠯᠤᠰ ᠤᠨ ᠨᠢᠬᠡᠳᠦᠯᠳᠡᠢ ᠰᠢᠯᠭᠠᠯᠳᠠ︾ ᠶᠢ ᠬᠡᠷᠡᠭᠵᠢᠭᠦᠯᠦᠭᠰᠡᠨ ᠤ ᠳᠠᠷᠠᠭ᠎ᠠ᠂ ᠡᠩ ᠤᠨ ᠶᠡᠭᠡ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠬᠡᠳᠦᠯᠳᠡᠢ ᠰᠢᠯᠭᠠᠯᠲᠠ ᠶᠢᠨ ᠬᠢᠴᠢᠶᠡᠯ ᠲᠥᠷᠥᠯ ᠢ ᠳᠠᠭᠢᠵᠤ | ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠢᠴᠢᠶᠡᠯ ᠲᠦᠷᠦᠯ ᠭᠡᠵᠦ | ᠬᠤᠪᠢᠶᠠᠬᠤ ᠦᠭᠡᠢ᠂ ᠬᠠᠷᠢᠨ ︽3+1+2︾ ᠤᠨ ᠵᠠᠭᠪᠤᠷ ᠢ ᠬᠡᠷᠡᠭᠵᠢᠭᠦᠯᠦᠨ᠎ᠡ᠃ ᠣᠲᠣ ᠶᠢᠨ ᠬᠡᠷᠡᠭᠵᠢᠭᠦᠯᠵᠦ | ᠪᠠᠶᠢᠭ᠎ᠠ ︽ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ︾ ᠶᠢ ᠦᠨᠳᠦᠰᠦᠯᠡᠭᠰᠡᠨ ᠶᠡᠭᠡ | ᠳᠡᠭᠡᠳᠦ ᠰᠤᠷᠭᠠᠭᠤᠯᠢ ᠶᠢᠨ ᠰᠢᠯᠭᠠᠯᠲᠠ ᠪᠠᠷ ᠰᠣᠷᠣᠭᠴᠢ ᠡᠯᠰᠡᠬᠦ ᠵᠠᠭᠪᠤᠷ ᠲᠠᠢ ᠠᠳᠠᠯᠢ ᠦᠭᠡᠢ ᠪᠠᠶᠢᠵᠤ᠂ | ᠥᠭᠡᠷᠡᠴᠢᠯᠡᠯᠲᠡ ᠬᠢᠭᠰᠡᠨ ᠤ ᠳᠠᠷᠠᠭ᠎ᠠ᠂ ᠮᠠᠨ ᠤ ᠣᠷᠣᠨ ︽ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠪᠠ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠬᠢᠷᠢ | ᠪᠦᠲᠦᠮᠵᠢ ᠶᠢ ᠦᠨᠳᠦᠰᠦᠯᠡᠬᠦ᠂ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠪᠠᠷ ᠯᠠᠪᠯᠠᠯᠲᠠ ᠪᠣᠯᠭᠠᠬᠤ︾᠂ | ᠳᠠᠷᠤᠢ ︽ᠬᠤᠶᠠᠷ ᠢ ᠦᠨᠳᠦᠰᠦᠯᠡᠨ᠂ ᠨᠢᠭᠡ ᠶᠢ ᠯᠠᠪᠯᠠᠬᠤ︾ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠪᠠᠷ | ᠰᠣᠷᠣᠭᠴᠢ ᠡᠯᠰᠡᠬᠦ ᠵᠠᠭᠪᠤᠷ ᠢ ᠬᠡᠷᠡᠭᠯᠡᠬᠦ ᠶᠢᠨ ᠬᠠᠮᠲᠤ᠂ ᠵᠡᠷᠭᠡᠴᠡᠭᠡ ᠪᠠᠷ ᠡᠷᠡᠮᠡᠯᠵᠡᠯ ᠲᠠᠭᠯᠠᠨ ᠲᠠᠩᠰᠠ ᠡᠪᠬᠡᠮᠡᠯ | ᠥᠭᠴᠦ ᠰᠣᠷᠣᠭᠴᠢ ᠡᠯᠰᠡᠬᠦ ᠠᠷᠭ᠎ᠠ ᠶᠢ ᠬᠡᠷᠡᠭᠵᠢᠭᠦᠯᠦᠨ᠎ᠡ᠃ | ︽3+1+2︾ ᠵᠠᠭᠪᠤᠷ ᠢ ᠬᠡᠷᠡᠭᠵᠢᠬᠦᠯᠪᠡᠯ᠂ ᠰᠢᠯᠭᠠᠭᠤᠯᠤᠭᠴᠢ ᠶᠢᠨ ᠰᠣᠶᠣᠯ ᠤᠨ ᠬᠢᠴᠢᠶᠡᠯ ᠤᠨ ᠶᠡᠷᠦᠩᠬᠡᠢ | ᠬᠢᠷᠢ ᠪᠦᠲᠦᠮᠵᠢ ᠶᠢᠨ ᠪᠦᠷᠢᠨ ᠬᠤᠪᠢ 750 ᠬᠤᠪᠢ ᠪᠣᠯᠣᠨ᠎ᠠ᠃ ᠡᠭᠦᠨ ᠳᠤ᠂ ᠬᠡᠯᠡ ᠪᠢᠴᠢᠭ᠂ ᠲᠣᠭᠠᠨ ᠤ | ᠤᠬᠠᠭᠠᠨ᠂ ᠭᠠᠳᠠᠭᠠᠳᠤ ᠬᠡᠯᠡ ᠵᠡᠷᠭᠡ ᠭᠤᠷᠪᠠᠨ ᠬᠢᠴᠢᠶᠡᠯ ᠲᠦᠷᠦᠯ ᠨᠢ ᠤᠯᠤᠰ ᠤᠨ ᠨᠢᠭᠡᠳᠦᠯᠲᠡᠢ ᠰᠢᠯᠭᠠᠯᠲᠠ ᠶᠢᠨ | ᠨᠢᠬᠡᠳᠦᠯᠳᠡᠢ ᠬᠢᠴᠢᠶᠡᠯ ᠲᠦᠷᠦᠯ ᠪᠤᠯᠤᠨ᠎ᠠ᠃ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ | ᠤᠬᠠᠭᠠᠨ ᠤ ᠬᠢᠴᠢᠶᠡᠯ ᠭᠡᠵᠦ ᠬᠤᠪᠢᠶᠠᠬᠤ ᠦᠭᠡᠢ᠂ ᠰᠢᠯᠭᠠᠯᠲᠠ ᠶᠢᠨ ᠰᠡᠳᠦᠪ ᠢ ᠪᠥᠬᠦ ᠤᠯᠤᠰ ᠠᠴᠠ ᠨᠢᠭᠡᠳᠦᠯᠲᠡᠢ | ᠰᠡᠳᠦᠪ ᠭᠠᠷᠭᠠᠵᠤ᠂ ᠬᠢᠴᠢᠶᠡᠯ ᠪᠦᠷᠢ ᠶᠢᠨ ᠪᠦᠷᠢᠨ ᠬᠤᠪᠢ ᠨᠢ ᠴᠥᠮ 150 ᠬᠤᠪᠢ ᠪᠣᠯᠣᠨ᠎ᠠ᠃ ︽1︾ ᠪᠠ ︽ | 2︾ ᠪᠣᠯ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠳᠤᠳᠤᠷᠠᠬᠢ ᠰᠣᠩᠭᠤᠬᠤ ᠴᠢᠨᠠᠷᠲᠠᠢ ᠬᠢᠴᠢᠶᠡᠯ | ᠲᠥᠷᠥᠯ ᠪᠣᠯᠣᠨ᠎ᠠ᠂ ᠰᠢᠯᠭᠠᠯᠲᠠ ᠶᠢᠨ ᠰᠡᠳᠦᠪ ᠢ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠢ ᠰᠡᠳᠦᠪ | ᠭᠠᠷᠭᠠᠨ᠎ᠠ᠃ ︽1︾ ᠭᠡᠳᠡᠭ ᠨᠢ ᠳᠠᠷᠤᠢ ᠰᠢᠯᠭᠠᠭᠤᠯᠤᠭᠴᠢ ᠹᠢᠽᠢᠺ ᠪᠤᠶᠤ ᠲᠡᠦᠬᠡ ᠶᠢᠨ ᠬᠢᠴᠢᠶᠡᠯ ᠲᠥᠷᠥᠯ ᠤᠨ | ᠳᠣᠲᠣᠷ᠎ᠠ ᠠᠴᠠ ᠨᠢᠭᠡ ᠶᠢ ᠨᠢ ᠰᠣᠩᠭᠤᠵᠤ ᠲᠡᠷᠢᠭᠦᠨ ᠰᠤᠩᠭᠤᠯᠳᠠ ᠶᠢᠨ ᠬᠢᠴᠢᠶᠡᠯ ᠪᠣᠯᠭᠠᠵᠤ᠂ ᠬᠢᠴᠢᠶᠡᠯ ᠪᠦᠷᠢ ᠶᠢᠨ | ᠪᠦᠷᠢᠨ ᠬᠤᠪᠢ ᠨᠢ ᠴᠥᠮ 100 ᠬᠤᠪᠢ ᠪᠠᠶᠢᠵᠤ᠂ ᠰᠢᠯᠭᠠᠯᠲᠠ ᠶᠢᠨ ᠬᠤᠪᠢ ᠶᠢ ᠤᠯᠤᠰ ᠤᠨ ᠨᠢᠬᠡᠳᠦᠯᠳᠡᠢ | ᠰᠢᠯᠭᠠᠯᠳᠠ ᠶᠢᠨ ᠰᠣᠶᠣᠯ ᠤᠨ ᠬᠢᠴᠢᠶᠡᠯ ᠤᠨ ᠶᠡᠷᠦᠩᠬᠡᠢ ᠬᠢᠷᠢ ᠪᠦᠲᠦᠮᠵᠢ ᠳᠤ ᠪᠤᠳᠤᠵᠤ ᠣᠷᠣᠭᠤᠯᠤᠨ᠎ᠠ᠃ ︽2︾ | ᠭᠡᠳᠡᠭ ᠨᠢ ᠳᠠᠷᠤᠢ ᠰᠢᠯᠭᠠᠭᠤᠯᠤᠭᠴᠢ ᠦᠵᠡᠯ ᠰᠠᠨᠠᠭ᠎ᠠ ᠤᠯᠤᠰ ᠲᠥᠷᠥ᠂ ᠭᠠᠵᠠᠷ ᠵᠦᠢ᠂ ᠬᠢᠮᠢ᠂ ᠠᠮᠢᠳᠤ | ᠪᠣᠳᠠᠰ ᠤᠨ ᠤᠬᠠᠭᠠᠨ ᠵᠡᠷᠭᠡ 4 ᠬᠢᠴᠢᠶᠡᠯ ᠲᠥᠷᠥᠯ ᠤᠨ ᠳᠣᠲᠣᠷ᠎ᠠ ᠠᠴᠠ 2 ᠬᠢᠴᠢᠶᠡᠯ ᠲᠥᠷᠥᠯ ᠢ ᠰᠣᠩᠭᠤᠵᠤ | ᠳᠠᠬᠢᠨ ᠰᠣᠩᠭᠤᠬᠤ ᠬᠢᠴᠢᠶᠡᠯ ᠲᠥᠷᠥᠯ ᠪᠣᠯᠭᠠᠨ᠎ᠠ᠂ ᠬᠢᠴᠢᠶᠡᠯ ᠪᠦᠷᠢ ᠶᠢᠨ ᠪᠦᠷᠢᠨ ᠬᠤᠪᠢ ᠨᠢ ᠴᠥᠮ 100 | ᠬᠤᠪᠢ ᠪᠠᠶᠢᠵᠤ᠂ ᠳᠡᠰ ᠢᠶᠠᠷ ᠨᠢ ᠬᠤᠪᠢ ᠬᠤᠪᠢᠷᠠᠭᠤᠯᠤᠨ ᠪᠤᠳᠤᠵᠤ᠂ ᠤᠯᠤᠰ ᠤᠨ ᠨᠢᠬᠡᠳᠦᠯᠳᠡᠢ ᠰᠢᠯᠭᠠᠯᠲᠠ ᠶᠢᠨ | ᠰᠣᠶᠣᠯ ᠤᠨ ᠬᠢᠴᠢᠶᠡᠯ ᠤᠨ ᠶᠡᠷᠦᠩᠬᠡᠢ ᠬᠢᠷᠢ ᠪᠦᠲᠦᠮᠵᠢ ᠳᠤ ᠪᠤᠳᠤᠵᠤ ᠣᠷᠣᠭᠤᠯᠤᠨ᠎ᠠ᠃ ︽3+1+2︾ | ᠵᠠᠭᠪᠤᠷ ᠲᠤ ᠨᠡᠶᠢᠲᠡ 12 ᠵᠦᠢᠯ ᠤᠨ ᠨᠡᠶᠢᠯᠡᠯ ᠬᠡᠯᠪᠡᠷᠢ ᠪᠠᠶᠢᠵᠤ᠂ ᠰᠣᠷᠣᠭᠴᠢ ᠪᠡᠶ᠎ᠡ ᠪᠠᠨ ᠳᠠᠭᠠᠭᠠᠵᠤ ᠰᠣᠩᠭᠤᠵᠤ | ᠪᠤᠯᠤᠨ᠎ᠠ᠃ ᠡᠨᠡ ᠨᠢ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠢ | ᠠᠭᠤᠰᠤᠯᠴᠠᠭᠤᠯᠵᠤ᠂ ᠰᠢᠯᠭᠠᠭᠤᠯᠤᠭᠴᠢ ᠶᠢᠨ ᠲᠠᠪᠠᠭᠤᠯᠢᠭ ᠢᠶᠠᠨ ᠪᠠᠳᠠᠷᠠᠭᠤᠯᠤᠨ ᠬᠦᠷᠦᠯᠴᠡᠬᠦ ᠦᠭᠡᠢ ᠵᠦᠢᠯ ᠢᠶᠠᠨ | ᠲᠡᠪᠴᠢᠬᠦ ᠳᠤ ᠠᠰᠢᠭᠳᠠᠢ ᠪᠠᠶᠢᠵᠤ᠂ ᠰᠢᠯᠭᠠᠭᠤᠯᠤᠭᠴᠢ ᠶᠢᠨ ᠰᠣᠩᠭᠤᠯᠳᠠ ᠶᠢᠨ ᠣᠷᠣᠨ ᠵᠠᠢ ᠶᠢ ᠨᠡᠮᠡᠭᠳᠡᠭᠦᠯᠬᠦ | ᠪᠤᠯᠤᠨ᠎ᠠ᠃ | ᠰᠣᠷᠣᠭᠴᠢ ᠡᠯᠰᠡᠬᠦ ᠲᠠᠯ᠎ᠠ ᠪᠠᠷ᠂ 2025 ᠣᠨ ᠠᠴᠠ ᠡᠬᠢᠯᠡᠨ᠂ ᠡᠩ ᠤᠨ ᠶᠡᠭᠡ ᠳᠡᠭᠡᠳᠦ ᠰᠤᠷᠭᠠᠭᠤᠯᠢ ᠳᠤ | ᠰᠢᠯᠭᠠᠯᠲᠠ ᠪᠠᠷ ᠰᠣᠷᠣᠭᠴᠢ ᠡᠯᠰᠡᠬᠦ ᠳᠤ ︽ᠬᠤᠶᠠᠷ ᠦᠨᠳᠦᠰᠦᠯᠡᠯ᠂ ᠨᠢᠭᠡ ᠯᠠᠪᠯᠠᠯᠲᠠ︾ ᠶᠢᠨ ᠵᠠᠭᠪᠤᠷ ᠢ ᠬᠡᠷᠡᠭᠯᠡᠨ᠎ᠡ | ᠃ ᠨᠢᠭᠡ ᠳᠤ ᠪᠥᠬᠦ ᠤᠯᠤᠰ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ | ᠰᠢᠯᠭᠠᠯᠲᠠ ᠶᠢᠨ ᠬᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠬᠡᠯᠡ 3 ᠬᠢᠴᠢᠶᠡᠯ ᠲᠦᠷᠦᠯ ᠤᠨ ᠬᠢᠷᠢ | ᠪᠦᠲᠦᠮᠵᠢ ᠶᠢ ᠦᠨᠳᠦᠰᠦᠯᠡᠨ᠎ᠡ︔ ᠬᠤᠶᠠᠷ ᠲᠤ ᠥᠨᠳᠥᠷ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ | ᠲᠦᠪᠰᠢᠨ ᠤ ᠰᠢᠯᠭᠠᠯᠲᠠ ᠶᠢᠨ ᠰᠣᠩᠭᠤᠨ ᠰᠢᠯᠭᠠᠬᠤ 3 ᠬᠢᠴᠢᠶᠡᠯ ᠤᠨ ᠬᠢᠷᠢ ᠪᠦᠲᠦᠮᠵᠢ ᠶᠢ ᠦᠨᠳᠦᠰᠦᠯᠡᠨ᠎ᠡ᠃ | ᠥᠨᠳᠥᠷ ᠳᠤᠮᠳᠠᠳᠤ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠬᠢᠷᠢ ᠪᠦᠲᠦᠮᠵᠢ ᠶᠢ ᠶᠡᠭᠡ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠶᠢᠨ ᠴᠢᠬᠤᠯᠠ ᠦᠨᠳᠦᠰᠦᠯᠡᠯ ᠪᠣᠯᠭᠠᠬᠤ ᠪᠣᠯ ︽ᠰᠢᠨ᠎ᠡ ᠮᠠᠶ᠋ᠢᠭ ᠤᠨ | ᠤᠯᠤᠰ ᠤᠨ ᠨᠢᠬᠡᠳᠦᠯᠳᠡᠢ ᠰᠢᠯᠭᠠᠯᠲᠠ︾ ᠶᠢᠨ ᠨᠢᠭᠡᠨ ᠬᠢᠯᠠᠰ ᠴᠡᠭ ᠮᠥᠨ᠂ ᠡᠨᠡ ᠨᠢ ᠰᠤᠷᠤᠭᠴᠢᠳ ᠢ ᠬᠥᠲᠥᠯᠥᠨ | ᠵᠢᠯᠤᠭᠤᠳᠴᠤ ᠬᠢᠴᠢᠶᠡᠯ ᠨᠢᠭᠡ ᠪᠦᠷᠢ ᠪᠠᠨ ᠨᠠᠷᠢᠨ ᠬᠢᠨᠠᠮᠠᠭᠠᠢ ᠰᠤᠷᠤᠯᠴᠠᠵᠤ᠂ ᠬᠦᠨᠳᠦ ᠨᠣᠴᠢᠲᠠᠢ ᠬᠢᠴᠢᠶᠡᠯ ᠲᠦᠷᠦᠯ | ᠬᠡᠯᠪᠠᠶᠢᠬᠦ ᠦᠵᠡᠭᠳᠡᠯ ᠭᠠᠷᠬᠤ ᠠᠴᠠ ᠵᠠᠶᠢᠯᠠᠰᠬᠢᠨ᠂ ᠶᠡᠭᠡ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠢ ᠰᠢᠯᠢᠨ | ᠰᠣᠩᠭᠤᠬᠤ ᠳᠤ ᠨᠥᠬᠦᠴᠡᠯ ᠪᠦᠷᠢᠯᠳᠦᠭᠦᠯᠵᠦ ᠥᠭᠬᠦ ᠶᠢᠨ ᠲᠥᠯᠥᠭᠡ ᠶᠤᠮ᠃ | ᠡᠩ ᠤᠨ ᠥᠨᠳᠥᠷ ᠳᠤᠮᠳᠠᠳᠤ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢ ᠬᠢᠷᠢ ᠲᠡᠩᠴᠡᠬᠦ | ᠴᠢᠨᠠᠷᠳᠠᠢ ᠰᠢᠯᠭᠠᠯᠲᠠ ᠪᠠ ᠰᠣᠩᠭᠤᠬᠤ ᠴᠢᠨᠠᠷᠲᠠᠢ ᠰᠢᠯᠭᠠᠯᠲᠠ ᠬᠡᠵᠦ ᠬᠤᠪᠢᠶᠠᠨ᠎ᠠ᠃ ᠬᠢᠷᠢ ᠲᠡᠩᠴᠡᠬᠦ ᠴᠢᠨᠠᠷᠳᠠᠢ | ᠰᠢᠯᠭᠠᠯᠲᠠ ᠪᠣᠯ ᠡᠩ ᠤᠨ ᠥᠨᠳᠥᠷ ᠳᠤᠮᠳᠠᠳᠤ ᠶᠢᠨ ᠰᠣᠷᠣᠭᠴᠢ ᠶᠢᠨ ᠰᠤᠷᠤᠯᠭ᠎ᠠ ᠲᠡᠭᠦᠰᠬᠦ ᠵᠢᠴᠢ ᠥᠨᠳᠥᠷ | ᠳᠤᠮᠳᠠᠳᠤ ᠲᠠᠢ ᠠᠳᠠᠯᠢ ᠲᠠᠰ ᠤᠨ ᠰᠤᠷᠤᠯᠭ᠎ᠠ ᠶᠢᠨ ᠨᠠᠮᠳᠠᠷ ᠢ ᠬᠢᠨᠠᠨ ᠲᠣᠭᠲᠠᠭᠠᠬᠤ ᠭᠤᠣᠯ ᠦᠨᠳᠦᠰᠦᠯᠡᠯ ᠮᠥᠨ᠂ | ᠤᠯᠤᠰ ᠤᠨ ᠡᠩ ᠤᠨ ᠥᠨᠳᠥᠷ ᠳᠤᠮᠳᠠᠳᠤ ᠶᠢᠨ ᠬᠢᠴᠢᠶᠡᠯ ᠲᠥᠷᠥᠯ ᠤᠨ ᠲᠥᠰᠥᠯ ᠳᠤ ᠲᠣᠭᠲᠠᠭᠠᠭᠰᠠᠨ ᠦᠵᠡᠯ | ᠰᠠᠨᠠᠭ᠎ᠠ ᠤᠯᠤᠰ ᠲᠥᠷᠥ᠂ ᠬᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠬᠡᠯᠡ᠂ ᠲᠡᠦᠬᠡ᠂ ᠭᠠᠵᠠᠷ ᠵᠦᠢ᠂ | ᠹᠢᠽᠢᠺ᠂ ᠬᠢᠮᠢ᠂ ᠠᠮᠢᠳᠤ ᠪᠣᠳᠠᠰ ᠤᠨ ᠤᠬᠠᠭᠠᠨ᠂ ᠮᠡᠳᠡᠭᠡ ᠵᠠᠩᠭᠢ ᠶᠢᠨ ᠮᠡᠷᠭᠡᠵᠢᠯ᠂ ᠨᠡᠶᠢᠳᠡᠮ ᠬᠡᠷᠡᠭᠯᠡᠭᠡᠨ ᠤ | ᠮᠡᠷᠭᠡᠵᠢᠯ᠂ ᠤᠷᠠᠯᠢᠭ᠂ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠵᠡᠷᠭᠡ 13 ᠬᠢᠴᠢᠶᠡᠯ ᠲᠥᠷᠥᠯ ᠢ ᠪᠠᠭᠲᠠᠭᠠᠨ᠎ᠠ᠃ | ᠰᠢᠯᠭᠠᠯᠲᠠ ᠨᠢ ᠵᠢᠭᠠᠨ ᠰᠤᠷᠭᠠᠯᠲᠠ ᠶᠢᠨ ᠠᠬᠢᠴᠠ ᠶᠢ ᠦᠨᠳᠦᠰᠦᠯᠡᠵᠦ᠂ ᠰᠤᠷᠴᠤ ᠪᠠᠷᠠᠭᠰᠠᠨ ᠤ ᠳᠠᠷᠠᠭ᠎ᠠ ᠰᠢᠯᠭᠠᠨ᠎ᠠ᠂ | ᠰᠢᠯᠭᠠᠯᠲᠠ ᠶᠢᠨ ᠬᠢᠷᠢ ᠪᠦᠲᠦᠮᠵᠢ ᠨᠢ ᠬᠢᠷᠢ ᠲᠡᠩᠴᠡᠭᠰᠡᠨ᠂ ᠡᠰᠡ ᠬᠢᠷᠢ ᠲᠡᠩᠴᠡᠭᠰᠡᠨ ᠢᠶᠠᠷ ᠢᠯᠡᠷᠡᠨ᠎ᠡ᠂ ᠬᠢᠷᠢ | ᠪᠦᠲᠦᠮᠵᠢ ᠶᠢ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠶᠡᠷᠦᠩᠬᠡᠢ ᠬᠢᠷᠢ ᠪᠦᠲᠦᠮᠵᠢ ᠳᠤ | ᠪᠤᠳᠤᠵᠤ ᠣᠷᠣᠭᠤᠯᠬᠤ ᠦᠭᠡᠢ᠂ ᠬᠢᠷᠢ ᠲᠡᠩᠴᠡᠭᠰᠡᠳ ᠲᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ | ᠲᠡᠭᠦᠰᠦᠭᠰᠡᠨ ᠦᠨᠡᠮᠯᠡᠯ ᠣᠯᠭᠤᠨ᠎ᠠ᠃ | ᠰᠣᠩᠭᠤᠬᠤ ᠴᠢᠨᠠᠷᠲᠠᠢ ᠰᠢᠯᠭᠠᠯᠲᠠ ᠶᠢ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠴᠢᠬᠤᠯᠠ ᠦᠨᠳᠦᠰᠦᠯᠡᠯ ᠪᠣᠯᠭᠠᠵᠤ᠂ ᠪᠥᠬᠦ ᠤᠯᠤᠰ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠤᠯᠤᠰ ᠤᠨ ᠨᠢᠭᠡᠳᠦᠯᠲᠡᠢ ᠰᠢᠯᠭᠠᠯᠲᠠ ᠲᠠᠢ ᠠᠳᠠᠯᠢ ᠬᠤᠭᠤᠴᠠᠭᠠᠨ ᠳᠤ ᠶᠠᠪᠤᠭᠳᠠᠭᠤᠯᠵᠤ᠂ ᠬᠢᠷᠢ ᠪᠦᠲᠦᠮᠵᠢ ᠶᠢ ᠶᠡᠭᠡ | ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠶᠡᠷᠦᠩᠬᠡᠢ ᠬᠢᠷᠢ ᠪᠦᠲᠦᠮᠵᠢ ᠳᠤ ᠪᠤᠳᠤᠵᠤ ᠣᠷᠣᠭᠤᠯᠤᠨ᠎ᠠ᠃ | ᠰᠢᠯᠭᠠᠯᠲᠠ ᠶᠢᠨ ᠬᠢᠴᠢᠶᠡᠯ ᠲᠥᠷᠥᠯ ᠳᠤ ᠦᠵᠡᠯ ᠰᠠᠨᠠᠭ᠎ᠠ ᠤᠯᠤᠰ ᠲᠥᠷᠥ᠂ ᠲᠡᠦᠬᠡ᠂ ᠭᠠᠵᠠᠷ ᠵᠦᠢ᠂ ᠹᠢᠽᠢᠺ᠂ | ᠬᠢᠮᠢ᠂ ᠠᠮᠢᠳᠤ ᠪᠣᠳᠠᠰ ᠤᠨ ᠤᠬᠠᠭᠠᠨ ᠵᠡᠷᠭᠡ 6 ᠬᠢᠴᠢᠶᠡᠯ ᠲᠥᠷᠥᠯ ᠪᠠᠭᠲᠠᠨ᠎ᠠ᠃ ᠡᠩ ᠤᠨ ᠥᠨᠳᠥᠷ | ᠳᠤᠮᠳᠠᠳᠤ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢᠳ ᠵᠣᠬᠢᠬᠤ ᠬᠢᠴᠢᠶᠡᠯ ᠲᠥᠷᠥᠯ ᠤᠨ ᠬᠢᠷᠢ ᠪᠦᠲᠦᠮᠵᠢ ᠨᠢ ︽ | ᠬᠢᠷᠢ ᠲᠡᠩᠴᠡᠭᠰᠡᠨ︾ ᠰᠠᠭᠤᠷᠢᠨ ᠳᠡᠭᠡᠷ᠎ᠡ ᠰᠤᠩᠭᠤᠬᠤ ᠴᠢᠨᠠᠷᠳᠠᠢ ᠰᠢᠯᠭᠠᠯᠳᠠ ᠶᠢᠨ ᠬᠢᠴᠢᠶᠡᠯ ᠲᠦᠷᠦᠯ ᠠᠴᠠ ᠨᠡᠷ᠎ᠡ | ᠮᠡᠳᠡᠬᠦᠯᠦᠨ ᠰᠢᠯᠭᠠᠨ᠎ᠠ᠃ | ︽ᠨᠢᠭᠡ ᠯᠠᠪᠯᠠᠯᠲᠠ︾ ᠭᠡᠳᠡᠭ ᠪᠣᠯ ᠥᠨᠳᠥᠷ ᠳᠤᠮᠳᠠᠳᠤ ᠶᠢᠨ ᠰᠣᠷᠣᠭᠴᠢ ᠶᠢᠨ ᠶᠡᠷᠦᠩᠬᠡᠶᠢᠯᠡᠭᠰᠡᠨ ᠬᠡᠪ | ᠴᠢᠨᠠᠷ ᠤᠨ ᠦᠨᠡᠯᠡᠯᠲᠡ ᠶᠢᠨ ᠦᠷ᠎ᠡ ᠳ᠋ᠦᠩ ᠢ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠪᠠᠷ ᠰᠣᠷᠣᠭᠴᠢ | ᠡᠯᠰᠡᠬᠦ ᠶᠢᠨ ᠴᠢᠬᠤᠯᠠ ᠯᠠᠪᠯᠠᠯᠲᠠ ᠪᠣᠯᠭᠠᠵᠤ᠂ ᠰᠢᠯᠭᠠᠯᠲᠠ ᠶᠢᠨ ᠬᠢᠷᠢ ᠪᠦᠲᠦᠮᠵᠢ ᠨᠢ ᠠᠳᠠᠯᠢ ᠦᠶ᠎ᠡ ᠳᠤ ᠶᠡᠭᠡ | ᠳᠡᠭᠡᠳᠦ ᠰᠤᠷᠭᠠᠭᠤᠯᠢ ᠶᠢᠨ ᠬᠢᠨ ᠤᠷᠢᠳ ᠢᠶᠠᠷ ᠡᠯᠰᠡᠬᠦ ᠪᠤᠶᠤ ᠲᠤᠰᠬᠠᠢ ᠮᠡᠷᠭᠡᠵᠢᠯ ᠢ ᠤᠷᠢᠳ ᠢᠶᠠᠷ ᠲᠣᠬᠢᠷᠠᠭᠤᠯᠵᠤ | ᠪᠣᠯᠣᠨ᠎ᠠ᠃ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠪᠣᠯ ᠰᠣᠷᠣᠭᠴᠢ ᠶᠢᠨ ᠲᠣᠰ ᠪᠡᠶ᠎ᠡ᠂ ᠬᠠᠮᠲᠤ ᠰᠣᠷᠣᠭᠴᠢ | ᠂ ᠪᠠᠭᠰᠢ ᠪᠠ ᠭᠡᠷ ᠤᠨ ᠠᠬᠠᠮᠠᠳ ᠵᠡᠷᠭᠡ ᠣᠯᠠᠨ ᠡᠰᠢᠲᠦ ᠭᠤᠤᠯ ᠴᠣᠭᠴᠠ ᠶᠢᠨ ᠣᠷᠣᠯᠴᠠᠭᠰᠠᠨ ᠡᠳᠦᠷ ᠲᠤᠲᠤᠮ ᠤᠨ | ᠬᠥᠳᠡᠯᠦᠩᠭᠦᠢ ᠦᠨᠡᠯᠡᠯᠲᠡ ᠪᠣᠯᠣᠨ᠎ᠠ᠃ ᠦᠨᠡᠯᠡᠬᠦ ᠠᠭᠤᠯᠭ᠎ᠠ ᠳᠤ ᠦᠵᠡᠯ ᠰᠠᠨᠠᠭ᠎ᠠ ᠶᠣᠰᠣ ᠮᠣᠷᠠᠯ᠂ ᠰᠤᠷᠤᠯᠭ᠎ᠠ ᠶᠢᠨ | ᠬᠢᠷᠢ ᠲᠦᠪᠰᠢᠨ᠂ ᠪᠡᠶ᠎ᠡ ᠰᠡᠳᠬᠢᠯ ᠤᠨ ᠡᠷᠡᠭᠦᠯ ᠮᠡᠨᠳᠦ᠂ ᠤᠷᠠᠯᠢᠭ ᠤᠨ ᠬᠡᠪ ᠪᠣᠯᠪᠠᠰᠤᠷᠠᠯ᠂ ᠬᠥᠳᠡᠯᠮᠦᠷᠢ ᠪᠠ | ᠨᠡᠶᠢᠭᠡᠮ ᠤᠨ ᠦᠢᠯᠡᠳᠦᠯᠭᠡ ᠵᠡᠷᠭᠡ 5 ᠲᠠᠯ᠎ᠠ ᠶᠢ ᠪᠠᠭᠲᠠᠭᠠᠨ᠎ᠠ᠃ ᠣᠳᠣᠬᠠᠨ ᠳᠤ᠂ ᠰᠤᠷᠭᠠᠨ ᠬᠥᠮᠦᠵᠢᠯ ᠤᠨ ᠲᠢᠩᠬᠢᠮ | ᠨᠢᠭᠡᠨᠲᠡ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠶᠢᠨ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠰᠤᠷᠤᠭᠴᠢᠳ ᠤᠨ ᠡᠳᠦᠷ ᠲᠤᠲᠤᠮ ᠤᠨ ᠢᠯᠡᠷᠡᠯ ᠢ ᠪᠣᠳᠠᠲᠠᠢ | ᠲᠡᠮᠳᠡᠭᠯᠡᠵᠦ᠂ ᠨᠢᠭᠡᠨᠳᠡ ᠨᠤᠳᠠᠯᠠᠨ ᠵᠡᠷᠯᠡᠨ ᠨᠡᠶᠢᠳᠡᠯᠡᠪᠡᠯ ᠬᠤᠪᠢᠷᠠᠭᠤᠯᠵᠤ ᠪᠣᠯᠬᠤ ᠦᠭᠡᠢ᠂ ᠡᠷᠬᠡ ᠲᠡᠭᠰᠢ ᠲᠥᠪ | ᠭᠤᠣᠯᠴᠢ ᠪᠠᠶᠢᠬᠤ ᠶᠢ ᠦᠨᠡᠨ ᠬᠦ ᠪᠠᠲᠤᠯᠠᠨ᠎ᠠ᠃ | ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠲᠠᠯ᠎ᠠ ᠳᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠶᠡᠭᠡ | ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠳᠦᠷᠢᠮ ᠨᠢ ᠨᠡᠶᠢᠭᠡᠮ ᠤᠨ ᠰᠢᠨᠵᠢᠯᠡᠬᠦ ᠤᠬᠠᠭᠠᠨ ᠤ | ᠬᠢᠴᠢᠶᠡᠯ ᠲᠦᠷᠦᠯ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠢᠴᠢᠶᠡᠯ ᠲᠥᠷᠥᠯ ᠭᠡᠵᠦ ᠬᠤᠪᠢᠶᠠᠨ᠂ ᠵᠥᠪᠬᠡᠨ | ᠨᠡᠶᠢᠭᠡᠮ ᠤᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠬᠢᠴᠢᠶᠡᠯ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠤ | ᠶᠡᠷᠦᠩᠬᠡᠶᠢᠯᠡᠭᠰᠡᠨ ᠬᠢᠴᠢᠶᠡᠯ ᠭᠡᠬᠦ ᠬᠤᠶᠠᠷ ᠵᠦᠢᠯ ᠤᠨ ᠲᠣᠭᠲᠠᠭᠰᠠᠨ ᠨᠡᠶᠢᠯᠡᠯ ᠲᠠᠢ ᠪᠠᠶᠢᠳᠠᠭ᠃ ︽ᠰᠢᠨ᠎ᠡ ᠮᠠᠶ᠋ᠢᠭ ᠤᠨ | ᠤᠯᠤᠰ ᠤᠨ ᠨᠢᠬᠡᠳᠦᠯᠳᠡᠢ ᠰᠢᠯᠭᠠᠯᠳᠠ︾ ᠶᠢ ᠬᠡᠷᠡᠭᠵᠢᠭᠦᠯᠦᠭᠰᠡᠨ ᠤ ᠳᠠᠷᠠᠭ᠎ᠠ᠂ ᠰᠢᠯᠭᠠᠭᠤᠯᠤᠭᠴᠢ ᠶᠢᠨ ᠰᠣᠩᠭᠤᠨ | ᠰᠢᠯᠭᠠᠭᠤᠯᠬᠤ ᠹᠢᠽᠢᠺ ᠤᠨ ᠶᠡᠷᠦᠩᠬᠡᠶᠢᠯᠡᠭᠰᠡᠨ ᠲᠦᠷᠦᠯ᠂ ᠲᠡᠦᠬᠡ ᠶᠢᠨ ᠶᠡᠷᠦᠩᠬᠡᠶᠢᠯᠡᠭᠰᠡᠨ ᠲᠦᠷᠦᠯ ᠭᠡᠬᠦ ᠬᠤᠶᠠᠷ | ᠲᠥᠷᠥᠯ ᠢᠯᠭᠠᠯ ᠢᠶᠠᠷ ᠰᠣᠷᠣᠭᠴᠢ ᠡᠯᠰᠡᠬᠦ ᠲᠥᠯᠥᠪᠯᠡᠭᠡ ᠶᠢ ᠲᠣᠰ ᠲᠣᠰ ᠨᠠᠶᠢᠷᠠᠭᠤᠯᠤᠨ ᠵᠣᠬᠢᠶᠠᠵᠤ᠂ ᠠᠰ | ᠠᠰ ᠲᠤᠨᠢ ᠬᠠᠮᠤᠭ ᠳᠤᠤᠷ᠎ᠠ ᠬᠢᠵᠠᠭᠠᠷᠯᠠᠬᠤ ᠬᠤᠪᠢ ᠳᠤᠭᠳᠠᠭᠠᠵᠤ᠂ ᠠᠰ ᠠᠰ ᠲᠤᠨᠢ ᠲᠠᠩᠰᠠ ᠡᠪᠬᠡᠮᠡᠯ ᠥᠭᠴᠦ᠂ | ᠠᠰ ᠠᠰ ᠲᠤᠨᠢ ᠡᠯᠰᠡᠨ᠎ᠡ᠃ ᠡᠭᠦᠨ ᠤ ᠬᠠᠮᠲᠤ᠂ ᠤᠤᠯ ᠤᠨ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠪᠠ | ᠬᠤᠶᠠᠳᠤᠭᠠᠷ ᠪᠦᠯᠦᠭ ᠢ ᠨᠡᠶᠢᠯᠡᠭᠦᠯᠦᠭᠡᠳ ᠨᠢᠭᠡ ᠪᠦᠯᠦᠭ ᠤᠳᠠᠭ᠎ᠠ ᠪᠣᠯᠭᠠᠬᠤ ᠶᠢᠨ ᠬᠠᠮᠲᠤ ᠵᠡᠷᠭᠡᠴᠡᠭᠡ | ᠡᠷᠡᠮᠡᠯᠵᠡᠯ ᠢᠶᠠᠷ ᠲᠠᠩᠰᠠ ᠡᠪᠬᠡᠮᠡᠯ ᠥᠭᠴᠦ ᠡᠯᠰᠡᠬᠦ ᠶᠢ ᠬᠡᠷᠡᠭᠵᠢᠬᠦᠯᠦᠨ᠎ᠡ᠃ | ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠥᠷᠥᠯ ᠬᠤᠪᠢᠶᠠᠵᠤ ᠰᠢᠯᠭᠠᠠᠬᠤ ᠶᠢ | ᠬᠡᠷᠡᠭᠵᠢᠬᠦᠯᠵᠦ ︽ᠰᠣᠶᠣᠯ ᠤᠨ ᠬᠡᠪ ᠴᠢᠨᠠᠷ + ᠠᠵᠢᠯ ᠮᠡᠷᠭᠡᠵᠢᠯ ᠤᠨ ᠤᠷ᠎ᠠ ᠴᠢᠳᠠᠪᠤᠷᠢ︾ ᠶᠢᠨ ᠰᠢᠯᠭᠠᠯᠲᠠ ᠶᠢᠨ | ᠵᠠᠭᠪᠤᠷ ᠢ ᠬᠡᠷᠡᠭᠵᠢᠭᠦᠯᠵᠦ᠂ ᠡᠩ ᠤᠨ ᠪᠠᠶᠢᠳᠠᠯ ᠳᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠨᠢᠭᠡᠳᠦᠯᠲᠡᠢ ᠰᠢᠯᠭᠠᠯᠲᠠ ᠠᠴᠠ ᠡᠮᠦᠨ᠎ᠡ ᠶᠠᠪᠤᠭᠳᠠᠭᠤᠯᠤᠨ᠎ᠠ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠳᠤ ᠨᠡᠷ᠎ᠡ ᠮᠡᠳᠡᠭᠦᠯᠦᠭᠰᠡᠨ ᠪᠣᠯᠪᠠᠴᠤ ᠡᠯᠰᠡᠭᠳᠡᠭᠰᠡᠨ ᠦᠭᠡᠢ ᠰᠢᠯᠭᠠᠭᠤᠯᠤᠭᠴᠢ ᠪᠠᠰᠠ ᠡᠩ ᠤᠨ ᠶᠡᠭᠡ | ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠳᠤ ᠦᠷᠭᠦᠯᠵᠢᠯᠡᠨ ᠣᠷᠣᠯᠴᠠᠵᠤ ᠪᠣᠯᠣᠨ᠎ᠠ᠃ | ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠥᠷᠥᠯ ᠬᠤᠪᠢᠶᠠᠵᠤ ᠰᠢᠯᠭᠠᠬᠤ ᠰᠢᠯᠭᠠᠯᠲᠠ ᠪᠠᠷ | ᠰᠣᠷᠣᠭᠴᠢ ᠡᠯᠰᠡᠬᠦ ᠪᠠ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠬᠡᠳᠦᠯᠳᠡᠢ | ᠰᠢᠯᠭᠠᠯᠲᠠ ᠪᠠᠷ ᠰᠣᠷᠣᠭᠴᠢ ᠡᠯᠰᠡᠬᠦ ᠰᠣᠷᠣᠭᠴᠢ ᠶᠢᠨ ᠰᠤᠷᠤᠯᠭ᠎ᠠ ᠲᠡᠭᠦᠰᠦᠭᠰᠡᠨ ᠦᠨᠡᠮᠯᠡᠯ ᠤᠨ ᠬᠦᠴᠦᠨ ᠨᠢ | ᠪᠦᠷᠢᠮᠦᠰᠦᠨ ᠠᠳᠠᠯᠢ᠂ ᠶᠠᠮᠠᠷ ᠴᠤ ᠢᠯᠭᠠᠭ᠎ᠠ ᠦᠭᠡᠢ᠃ | ᠲᠥᠷᠥ ᠶᠢᠨ ᠪᠣᠳᠣᠯᠭ᠎ᠠ ᠶᠢᠨ ᠳᠠᠶᠢᠯᠪᠤᠷᠢᠯᠳᠠ ᠪᠠ ᠮᠠᠳᠠᠭ ᠲᠠᠢ ᠠᠰᠠᠭᠤᠳᠠᠯ ᠢ ᠳᠠᠶᠢᠯᠪᠤᠷᠢᠯᠠᠨ ᠦᠭᠬᠦ ᠠᠵᠢᠯ ᠢ | ᠤᠯᠠᠮ ᠰᠠᠶᠢᠲᠤᠷ ᠬᠢᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ | ᠠᠰᠠᠭᠤᠨ ᠯᠠᠪᠯᠠᠬᠤ ᠤᠳᠠᠰᠤ᠂ ᠠᠰᠠᠭᠤᠨ ᠯᠠᠪᠯᠠᠬᠤ ᠲᠠᠪᠴᠠᠩ ᠪᠣᠯᠣᠨ ᠢᠮᠧᠯ ᠭᠠᠷᠭᠠᠵᠤ᠂ ᠥᠷᠭᠡᠨ ᠣᠯᠠᠨ | ᠰᠢᠯᠭᠠᠭᠤᠯᠤᠭᠴᠢ ᠪᠠ ᠭᠡᠷ ᠤᠨ ᠠᠬᠠᠮᠠᠳ ᠲᠤ ᠠᠰᠠᠭᠤᠨ ᠯᠠᠪᠯᠠᠬᠤ ᠦᠢᠯᠡᠴᠢᠯᠡᠭᠡ ᠬᠠᠩᠭᠠᠨ᠎ᠠ᠃ | | | |