ᠮᠠᠨ ᠤ ᠣᠷᠣᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠳᠦᠷᠢᠮ ᠢ ᠬᠡᠷᠡᠭᠵᠢᠭᠦᠯᠬᠦ ᠪᠠᠷ ᠪᠣᠢ
ᠨᠡᠶᠢᠲᠡᠯᠡᠭᠰᠡᠨ ᠴᠠᠭ᠄
2022/6/30
     6 ᠳ᠋ᠤᠭᠠᠷ ᠰᠠᠷ᠎ᠠ ᠶᠢᠨ 29᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠬᠤᠷᠠᠯᠳᠤᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ︽ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠰᠠᠨᠠᠯ︾᠎ ᠢ ᠳᠠᠷᠤᠮᠠᠯᠯᠠᠨ ᠲᠠᠷᠬᠠᠭᠠᠵᠤ᠂ 10 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠳᠦᠷᠢᠮ ᠢ ᠬᠡᠷᠡᠭᠵᠢᠭᠦᠯᠵᠦ᠂ ᠡᠭᠦᠳᠡᠨ ᠡᠮᠨᠡᠯᠭᠡ ᠶᠢᠨ ᠵᠠᠷᠤᠳᠠᠯ ᠢ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠶᠢᠨ ᠳᠥᠯᠥᠬᠦ ᠬᠡᠪᠴᠢᠶᠡᠨ ᠳᠤ ᠣᠷᠣᠭᠤᠯᠵᠤ᠂ ᠳᠠᠭᠠᠳᠬᠠᠯ ᠳᠤ ᠣᠷᠣᠯᠴᠠᠭᠰᠠᠳ ᠤᠨ ᠡᠭᠦᠳᠡᠨ ᠡᠮᠨᠡᠯᠭᠡ ᠶᠢᠨ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃     ︽ᠬᠡᠷᠡᠭᠵᠢᠭᠦᠯᠬᠦ ᠰᠠᠨᠠᠯ︾᠎ ᠳᠤ ᠡᠭᠦᠳᠡᠨ ᠡᠮᠨᠡᠯᠭᠡ ᠶᠢᠨ ᠣᠯᠠᠨ ᠡᠭᠦᠰᠳᠡᠭ ᠡᠪᠡᠳᠴᠢᠨ᠂ ᠪᠠᠶᠢᠩᠭᠤ ᠲᠣᠬᠢᠶᠠᠯᠳᠤᠳᠠᠭ ᠡᠪᠡᠳᠴᠢᠨ ᠢ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦᠨ ᠤ ᠲᠠᠩᠰᠠ ᠲᠠᠶᠢᠯᠬᠤ ᠬᠡᠪᠴᠢᠶᠡᠨ ᠳᠤ ᠣᠷᠣᠭᠤᠯᠬᠤ ᠶᠢᠨ ᠬᠠᠮᠲᠤ ᠠᠵᠢᠯ ᠠᠴᠠ ᠪᠠᠨ ᠠᠮᠠᠷᠠᠭᠰᠠᠳ ᠲᠤ ᠵᠣᠬᠢᠬᠤ ᠬᠡᠮᠵᠢᠶ᠎ᠡ ᠪᠠᠷ ᠬᠡᠯᠪᠠᠶᠢᠯᠭᠡᠨ᠎ᠡ᠃ ᠡᠭᠦᠳᠡᠨ ᠡᠮᠨᠡᠯᠭᠡ ᠳᠤ ᠥᠷᠨᠢᠭᠦᠯᠬᠦ ᠳᠤ ᠲᠣᠬᠢᠷᠠᠬᠤ ᠣᠨᠴᠠᠭᠠᠢ ᠡᠮᠨᠡᠨ ᠵᠠᠰᠠᠬᠤ ᠡᠭᠦᠳᠡᠨ ᠡᠮᠨᠡᠯᠭᠡ ᠶᠢᠨ ᠵᠠᠷᠤᠳᠠᠯ ᠵᠢᠴᠢ ᠡᠮᠨᠡᠨ ᠵᠠᠰᠠᠬᠤ ᠦᠶᠡᠯᠡᠯ ᠤᠨ ᠬᠤᠭᠤᠴᠠᠭ᠎ᠠ ᠨᠢ ᠣᠷᠳᠣ ᠬᠡᠰᠡᠭ ᠡᠪᠡᠳᠴᠢᠨ ᠡᠮᠭᠡᠭ ᠤᠨ ᠡᠭᠦᠳᠡᠨ ᠡᠮᠨᠡᠯᠭᠡ ᠶᠢᠨ ᠵᠠᠷᠤᠳᠠᠯ ᠢ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠶᠢᠨ ᠣᠯᠭᠤᠬᠤ ᠬᠡᠪᠴᠢᠶᠡᠨ ᠳᠤ ᠣᠷᠣᠭᠤᠯᠤᠨ᠎ᠠ᠃ ᠳᠠᠭᠠᠳᠬᠠᠯ ᠳᠤ ᠣᠷᠣᠯᠴᠠᠭᠰᠠᠳ ᠤᠨ ᠭᠠᠳᠠᠨ᠎ᠠ ᠨᠠᠶᠢᠷᠠᠭᠤᠯᠬᠤ ᠵᠣᠷ ᠢᠶᠠᠷ ᠲᠣᠭᠲᠠᠭᠰᠠᠨ ᠡᠮ ᠤᠨ ᠳᠡᠯᠭᠡᠭᠦᠷ ᠲᠤ ᠳ᠋ᠦᠩᠨᠡᠨ ᠪᠣᠳᠣᠭᠤᠯᠬᠤ ᠪᠠ ᠡᠮ ᠨᠠᠶᠢᠷᠠᠭᠤᠯᠬᠤ ᠶᠢ ᠳᠡᠮᠵᠢᠨ᠎ᠡ᠃ ᠡᠭᠦᠨ ᠤ ᠬᠠᠮᠲᠤ᠂ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠳᠠᠭᠠᠳᠬᠠᠯ ᠳᠤ ᠣᠷᠣᠯᠴᠠᠭᠰᠠᠨ ᠵᠠᠷᠤᠳᠠᠯ ᠤᠨ ᠰᠠᠭᠤᠷᠢ ᠲᠤᠭ᠎ᠠ ᠶᠢᠨ 2%᠎ ᠢᠶᠠᠷ ᠲᠤᠰᠢᠶᠠᠭᠰᠠᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠬᠤᠪᠢ ᠬᠥᠮᠥᠨ ᠤ ᠲᠠᠩᠰᠠᠨ ᠡᠷᠦᠬᠡ ᠳᠤ ᠪᠤᠳᠤᠵᠤ ᠣᠷᠣᠭᠤᠯᠤᠨ᠎ᠠ᠃ ᠠᠵᠢᠯ ᠠᠴᠠ ᠪᠠᠨ ᠠᠮᠠᠷᠠᠭᠰᠠᠳ ᠢ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠶᠢᠨ ᠲᠣᠭᠲᠠᠭᠰᠠᠨ ᠨᠣᠷᠮ᠎ᠠ ᠪᠠᠷ ᠬᠤᠪᠢ ᠬᠥᠮᠥᠨ ᠤ ᠲᠠᠩᠰᠠᠨ ᠡᠷᠦᠬᠡ ᠳᠤ ᠰᠢᠯᠵᠢᠭᠦᠯᠦᠨ ᠣᠷᠣᠭᠤᠯᠬᠤ ᠪᠠᠷ ᠢᠳᠡᠭ ᠠᠯᠬᠤᠮ ᠢᠶᠠᠷ ᠲᠣᠬᠢᠷᠠᠭᠤᠯᠵᠤ᠂ 2021 ᠣᠨ ᠤ ᠪᠥᠬᠦ ᠣᠷᠣᠨ ᠤ ᠳᠤᠮᠳᠠᠴᠢ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠪᠠᠷ ᠰᠠᠭᠤᠷᠢ ᠲᠤᠭ᠎ᠠ ᠪᠣᠯᠭᠠᠵᠤ᠂ 2022 ᠣᠨ ᠤ 10 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ᠂ 3%᠎ ᠶᠢᠨ ᠬᠠᠷᠢᠴᠠᠯ ᠤᠨ ᠲᠣᠭᠲᠠᠭᠰᠠᠨ ᠨᠣᠷᠮ᠎ᠠ ᠪᠠᠷ ᠬᠤᠪᠢ ᠬᠥᠮᠥᠨ ᠤ ᠲᠠᠩᠰᠠᠨ ᠡᠷᠦᠬᠡ ᠳᠤ ᠬᠤᠪᠢᠶᠠᠷᠢᠯᠠᠨ ᠣᠷᠣᠭᠤᠯᠵᠤ᠂ 2023 ᠣᠨ ᠠᠴᠠ ᠡᠬᠢᠯᠡᠨ 2%᠎ ᠤᠨ ᠬᠠᠷᠢᠴᠠᠯ ᠤᠨ ᠲᠣᠭᠲᠠᠭᠰᠠᠨ ᠨᠣᠷᠮ᠎ᠠ ᠪᠠᠷ ᠬᠤᠪᠢ ᠬᠥᠮᠥᠨ ᠤ ᠲᠠᠩᠰᠠᠨ ᠡᠷᠦᠬᠡ ᠳᠤ ᠬᠤᠪᠢᠶᠠᠷᠢᠯᠠᠨ ᠣᠷᠣᠭᠤᠯᠤᠨ᠎ᠠ᠃ ᠡᠭᠦᠨ ᠤ ᠬᠠᠮᠲᠤ᠂ ᠬᠤᠪᠢ ᠬᠥᠮᠥᠨ ᠤ ᠲᠠᠩᠰᠠᠨ ᠡᠷᠦᠬᠡ ᠶᠢᠨ ᠬᠡᠷᠡᠭᠯᠡᠬᠦ ᠬᠡᠪᠴᠢᠶ᠎ᠡ ᠶᠢ ᠥᠷᠭᠡᠳᠬᠡᠵᠦ᠂ ᠬᠠᠨᠢ ᠨᠥᠬᠦᠷ᠂ ᠡᠴᠢᠭᠡ ᠡᠬᠡ᠂ ᠦᠷ᠎ᠡ ᠬᠡᠦᠬᠡᠳ ᠤᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠤᠯᠴᠠᠬᠤ ᠵᠡᠷᠭᠡ ᠬᠤᠪᠢ ᠬᠥᠮᠥᠨ ᠤ ᠰᠦᠢᠳᠬᠡᠯ ᠲᠤᠰᠢᠶᠠᠬᠤ ᠳᠤ ᠬᠡᠷᠡᠭᠯᠡᠵᠦ᠂ ᠬᠤᠪᠢ ᠬᠥᠮᠥᠨ ᠤ ᠲᠠᠩᠰᠠᠨ ᠡᠷᠦᠬᠡ ᠶᠢᠨ ︽ᠭᠡᠷ ᠪᠦᠯᠢ ᠶᠢᠨ ᠪᠠᠭ᠎ᠠ ᠬᠠᠷᠠᠭᠠᠯᠵᠠᠯ︾᠎ ᠢ ᠪᠡᠶᠡᠯᠡᠭᠦᠯᠦᠨ᠎ᠡ᠃     ᠡᠭᠦᠨ ᠠᠴᠠ ᠭᠠᠳᠠᠨ᠎ᠠ᠂ ᠮᠠᠨ ᠤ ᠣᠷᠣᠨ ᠨᠥᠬᠦᠴᠡᠯ ᠳᠤ ᠨᠡᠶᠢᠴᠡᠬᠦ ︽ᠢᠨᠲ᠋ᠧᠷ ᠰᠦᠯᠵᠢᠶ᠎ᠡ +︾ ᠡᠮᠴᠢᠯᠡᠭᠡᠨ ᠤ ᠦᠢᠯᠡᠴᠢᠯᠡᠭᠡ ᠶᠢ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠬᠤ ᠶᠢ ᠬᠠᠶᠢᠨ ᠰᠦᠪᠡᠭᠴᠢᠯᠡᠵᠦ ᠪᠠᠶᠢᠨ᠎ᠠ᠃ ᠡᠮᠴᠢᠯᠡᠭᠡᠨ ᠤ ᠠᠵᠢᠯᠯᠠᠭ᠎ᠠ ᠪᠠ ᠡᠮᠴᠢᠯᠡᠭᠡᠨ ᠤ ᠵᠠᠷᠤᠳᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠳᠠᠭᠠᠳᠬᠠᠯ ᠮᠡᠬᠡᠯᠡᠬᠦ ᠦᠶ᠋ᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ᠣᠨᠳᠣᠣ ᠭᠠᠵᠠᠷ ᠤᠨ ᠡᠭᠦᠳᠡᠨ ᠡᠮᠨᠡᠯᠭᠡ ᠳᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠶᠢ ᠠᠬᠢᠭᠤᠯᠤᠨ᠎ᠠ᠃     
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1