ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠤᠳ ᠢ ᠠᠬᠢᠭᠤᠯᠬᠤ ᠲᠧᠯᠸᠢᠰ ᠤᠲᠠᠰᠤᠲᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/30
     6 ᠳ᠋ᠤᠭᠠᠷ ᠰᠠᠷ᠎ᠠ ᠶᠢᠨ 29᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠣᠤ ᠴᠦᠨ ᠲᠧᠯᠸᠢᠰ ᠤᠲᠠᠰᠤᠲᠤ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠤᠳ ᠢ ᠰᠤᠳᠤᠯᠤᠨ ᠪᠠᠶᠢᠷᠢᠯᠠᠭᠤᠯᠵᠠᠢ᠃     ᠬᠤᠷᠠᠯ ᠳᠤ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠶᠡᠷᠦᠩᠬᠡᠢ ᠱᠦᠵᠢ ᠰᠢ ᠶᠢᠨ ᠫᠢᠩ ᠤᠨ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠲᠤᠬᠠᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠵᠢᠯ ᠤᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠠᠲᠤᠳᠬᠠᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠳᠤᠪᠤᠶᠢᠮ᠎ᠠ ᠠᠰᠠᠭᠤᠳᠠᠯ ᠤᠳ ᠢ ᠬᠦᠴᠦᠯᠡᠨ ᠰᠢᠢᠳᠪᠦᠷᠢᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠬᠡᠷ ᠪᠠᠶᠢᠰᠢᠩ ᠬᠥᠷᠥᠩᠭᠡ ᠶᠢᠨ ᠲᠣᠬᠢᠷᠠᠭᠤᠯᠤᠯᠲᠠ ᠡᠵᠡᠮᠳᠡᠯ ᠤᠨ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠬᠤᠲᠠ ᠶᠢᠨ ᠪᠠᠶᠢᠳᠠᠯ ᠳᠤ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠬᠦᠭᠵᠢᠯᠲᠡ ᠶᠢ ᠠᠬᠢᠭᠤᠯᠬᠤ ᠬᠡᠷᠡᠭᠲᠡᠢ᠃ ᠥᠪᠡᠷᠲᠡᠭᠡᠨ ᠪᠠᠶᠢᠭᠤᠯᠤᠭᠰᠠᠨ ᠬᠡᠷ ᠪᠠᠶᠢᠰᠢᠩ ᠪᠠ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠤ ᠴᠡᠭᠴᠡᠯᠡᠨ ᠵᠠᠰᠠᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠶ᠃ ᠬᠤᠲᠠ ᠪᠠᠯᠭᠠᠰᠤᠨ ᠤ ᠳᠤᠯᠠᠭᠠᠯᠠᠭ᠎ᠠ ᠬᠠᠩᠭᠠᠬᠤ ᠪᠠᠲᠤᠯᠠᠭ᠎ᠠ ᠶᠢᠨ ᠠᠵᠢᠯ ᠢ ᠴᠢᠩᠭᠠᠳᠬᠠᠨ᠂ ᠣᠯᠠᠨ ᠲᠦᠮᠡᠨ ᠤ ᠬᠠᠯᠠᠭᠤᠨ ᠳᠤᠯᠠᠭᠠᠬᠠᠨ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠪᠠᠷᠢᠯᠭ᠎ᠠ ᠶᠢᠨ ᠦᠢᠯᠡᠰ ᠤᠨ ᠬᠥᠭᠵᠢᠯᠲᠡ ᠶᠢᠨ ᠠᠷᠭ᠎ᠠ ᠬᠡᠯᠪᠡᠷᠢ ᠶᠢ ᠬᠦᠴᠦᠯᠡᠨ ᠬᠤᠪᠢᠷᠠᠭᠤᠯᠵᠤ᠂ ᠬᠤᠳᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠵᠣᠬᠢᠰᠲᠠᠢ ᠪᠠᠷ ᠤᠷᠢᠳᠴᠢᠯᠠᠨ ᠲᠥᠯᠥᠪᠵᠢᠭᠦᠯᠵᠦ᠂ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1