| | 6 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ | ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ | ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠡᠷᠭᠢᠯᠡᠵᠡᠶ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠬᠦ ᠬᠤᠷᠢᠶ᠎ᠠ ᠶᠢᠨ ᠬᠤᠷᠢᠨ ᠵᠢᠷᠭᠤᠳᠤᠭᠠᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠶ ᠱᠦᠵᠢ ᠶᠢᠨ ᠳ᠋ᠠᠶᠢᠲ᠋ᠠ ᠶᠢᠨ ᠰᠠᠭᠤᠷᠢ ᠲᠦᠷᠢᠮ ᠢ | ᠪᠠᠶᠢᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠠᠵᠢᠯ ᠢ ᠰᠠᠶᠢᠲᠤᠷ ᠬᠢᠬᠦ᠂ | ᠲᠣᠭᠠᠴᠠᠭ᠎ᠠ ᠬᠢᠬᠦ ᠲᠠᠪᠴᠠᠩ ᠤᠨ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠶᠢᠨ | ᠳᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠲᠥᠪ ᠤᠨ | ᠥᠭᠡᠷᠡᠴᠢᠯᠡᠯᠲᠡ ᠶᠢᠨ ᠳᠤᠬᠠᠢ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠤᠶᠢᠯᠠᠭᠠᠨ ᠡᠵᠡᠮᠰᠢᠵᠦ᠂ | ᠮᠠᠨ ᠤ ᠣᠷᠣᠨ ᠤ ᠪᠤᠳᠠᠳᠤ ᠪᠠᠶᠢᠳᠠᠯ ᠠᠴᠠ ᠡᠭᠦᠰᠴᠦ ᠪᠦᠲᠦᠭᠡᠯᠴᠢ ᠴᠢᠨᠠᠷᠲᠠᠶ ᠪᠠᠷ ᠨᠠᠶᠢᠳᠠᠪᠤᠷᠢᠵᠢᠭᠤᠯᠤᠯᠲᠠ ᠶᠢ | ᠰᠠᠶᠢᠲᠤᠷ ᠠᠳᠬᠤᠬᠤ ᠬᠡᠷᠡᠭᠲᠡᠶ᠃ ᠨᠢᠭᠡ ᠪᠦᠯᠦᠭ ᠲᠦᠷᠢᠮ ᠤᠨ ᠴᠢᠨᠠᠷᠲᠠᠶ᠂ ᠰᠠᠭᠤᠷᠢ ᠴᠢᠨᠠᠷᠲᠠᠶ᠂ ᠵᠢᠷᠤᠮᠵᠢᠯ ᠤᠨ | ᠴᠢᠨᠠᠷᠲᠠᠶ ᠦᠷ᠎ᠡ ᠪᠦᠲᠦᠭᠡᠯ ᠭᠠᠷᠭᠠᠵᠤ᠂ ᠲᠣᠭᠠᠴᠢᠯᠠᠭᠰᠠᠨ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢᠨ ︽ | ᠨᠢᠷᠤᠭᠤ ᠲᠤᠯᠭᠠᠭᠤᠷᠢ︾ ᠶᠢ ᠪᠠᠶᠢᠭᠤᠯᠵᠤ᠂ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢ ᠲᠦᠷᠭᠡᠳᠭᠡᠨ | ᠠᠬᠢᠭᠤᠯᠬᠤ ᠬᠡᠷᠡᠭᠲᠡᠶ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ | ᠪᠠᠷ ᠭᠠᠷᠳᠠᠴᠠ ᠪᠣᠯᠭᠠᠵᠤ᠂ ᠴᠢᠳᠠᠪᠤᠷᠢᠲᠠᠨ ᠢ ᠦᠨᠡᠯᠡᠬᠦ ᠰᠢᠨᠵᠢᠯᠡᠬᠦ ᠤᠬᠠᠭᠠᠨᠴᠢ ᠰᠢᠰᠲ᠋ᠧᠮ ᠢ ᠲᠦᠷᠭᠡᠳᠭᠡᠨ | ᠪᠠᠶᠢᠭᠤᠯᠵᠤ᠂ ᠨᠡᠩ ᠶᠡᠭᠡ ᠬᠦᠴᠦ ᠣᠷᠣᠭᠤᠯᠵᠤ ᠪᠠᠶᠢᠭᠠᠳ ᠮᠠᠨ ᠤ ᠣᠷᠣᠨ ᠤ ᠥᠨᠳᠥᠷ ᠬᠡᠪ ᠪᠣᠯᠪᠠᠰᠤᠷᠠᠯ ᠪᠦᠬᠦᠢ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠴᠤᠬᠴᠠᠯᠠᠬᠤ ᠬᠡᠷᠡᠭᠲᠡᠢ᠃ ᠲᠣᠭᠠᠴᠠᠭ᠎ᠠ | ᠬᠢᠬᠦ ᠲᠠᠪᠴᠠᠩ ᠤᠨ ᠠᠵᠤ ᠠᠬᠤᠶᠢᠯᠠᠯ ᠤᠨ ᠪᠥᠬᠦ ᠬᠡᠯᠬᠢᠶ᠎ᠠ ᠪᠥᠬᠦ ᠬᠦᠷᠢᠶ᠎ᠡ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠮᠥᠩᠭᠦᠨ ᠭᠦᠶ᠋ᠯᠭᠡᠭᠡᠨ ᠤ ᠦᠢᠯᠡᠴᠢᠯᠡᠭᠡ ᠬᠡᠪ ᠤᠨ ᠵᠠᠮ ᠳᠤ ᠤᠷᠤᠵᠤ᠂ ᠪᠣᠳᠠᠲᠤ ᠴᠣᠭᠴᠠ ᠳᠤ | ᠦᠶ᠋ᠯᠡᠴᠢᠯᠡᠬᠦ ᠶᠢ ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃ | ᠬᠤᠷᠠᠯ ᠠᠴᠠ ᠡᠨᠧᠷᠭᠢ ᠶᠢᠨ ᠬᠤᠷᠣᠭᠳᠠᠯ ᠤᠨ ᠲᠠᠭᠠᠭᠠᠴᠠ ᠪᠣᠯᠤᠨ ᠶᠡᠷᠦᠩᠬᠡᠢ ᠬᠡᠮᠵᠢᠶᠡᠨ ᠤ ᠬᠤᠣᠰ ᠡᠵᠡᠮᠳᠡᠯ ᠢ | ᠳᠡᠬᠦᠯᠳᠡᠷᠵᠢᠬᠦᠯᠬᠦ ᠲᠦᠷᠦ ᠶᠢᠨ ᠪᠤᠳᠤᠯᠭ᠎ᠠ ᠶᠢ ᠰᠤᠳᠤᠯᠵᠤ᠂ ᠭᠦᠢᠴᠡᠳᠭᠡᠯ ᠲᠤᠭ᠎ᠠ ᠶᠢ ᠴᠢᠩᠭ᠎ᠠ ᠡᠵᠡᠮᠳᠡᠵᠦ᠂ | ᠲᠦᠷᠦᠯ ᠵᠦᠢᠯ ᠤᠨ ᠡᠨᠧᠷᠭᠢ ᠶᠢᠨ ᠬᠤᠷᠣᠭᠳᠠᠯ ᠤᠨ ᠲᠠᠭᠠᠭᠠᠴᠠ ᠶᠢᠨ ᠪᠠᠷᠢᠮᠵᠢᠶ᠎ᠡ ᠬᠡᠮᠵᠢᠭᠳᠡᠯ ᠢᠶᠠᠷ ᠠᠷᠠᠯᠵᠢᠶᠠᠴᠢᠨ | ᠤᠷᠢᠵᠤ ᠪᠡᠯᠡ ᠮᠦᠩᠬᠦ ᠳᠠᠳᠠᠵᠥ ᠣᠷᠣᠭᠤᠯᠬᠤ ᠵᠢᠴᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠠᠲᠠᠭᠤ | ᠬᠢᠵᠠᠭᠠᠷᠯᠠᠯ ᠪᠣᠯᠭᠠᠵᠤ᠂ ᠰᠢᠨ᠎ᠡ ᠪᠠᠷ ᠥᠭᠡᠷᠡᠴᠢᠯᠡᠨ ᠪᠠᠶᠢᠭᠤᠯᠬᠤ ᠥᠷᠭᠡᠳᠭᠡᠨ ᠪᠠᠶᠢᠭᠤᠯᠬᠤ ᠲᠦᠷᠦᠯ ᠵᠦᠢᠯ ᠢ | ᠤᠷᠤᠭᠤᠯᠬᠤ ᠶᠢ ᠵᠥᠪᠰᠢᠶᠡᠷᠡᠬᠦ ᠪᠠᠷᠢᠮᠵᠢᠶ᠎ᠠ ᠶᠢ ᠰᠠᠶᠢᠲᠤᠷ ᠰᠠᠬᠢᠵᠤ᠂ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ | ᠮᠡᠷᠭᠡᠵᠢᠯ ᠤᠨ ᠥᠭᠡᠷᠡᠴᠢᠯᠡᠯᠲᠡ ᠶᠢ ᠬᠡᠷᠡᠭᠵᠢᠭᠦᠯᠬᠦ᠂ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ | ᠪᠡᠶᠡᠯᠡᠭᠦᠯᠬᠦ ᠶᠢ ᠭᠡᠳᠡᠷᠬᠦ ᠰᠢᠬᠠᠮᠳᠠᠭᠤᠯᠵᠤ᠂ ᠪᠦᠬᠦ ᠠᠷᠠᠳ ᠢᠶᠠᠷ ᠢᠶᠠᠨ ᠡᠨᠧᠷᠭᠢ ᠠᠷᠪᠢᠯᠠᠬᠤ ᠳᠤ ᠤᠷᠤᠯᠴᠠᠬᠤ᠂ | ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠳᠤ ᠬᠤᠪᠢ ᠨᠡᠮᠡᠷᠢ ᠦᠵᠡᠬᠦᠯᠬᠦ ᠢᠳᠡᠪᠬᠢᠵᠢᠯ | ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠬᠦ ᠶᠢ ᠬᠦᠳᠦᠯᠦᠨ ᠵᠢᠯᠣᠭᠤᠳᠴᠤ᠂ ᠡᠬᠢ ᠪᠠᠶᠠᠯᠢᠬ ᠢ ᠠᠷᠪᠢᠯᠠᠬᠤ | ᠮᠠᠶ᠋ᠢᠬ ᠤᠨ᠂ ᠣᠷᠴᠢᠨ ᠲᠣᠭᠤᠷᠢᠨ ᠳᠤ ᠡᠶ᠎ᠡ ᠵᠤᠬᠢᠴᠠᠩᠭᠤᠢ ᠮᠠᠶ᠋ᠢᠬ ᠤᠨ ᠨᠡᠶᠢᠭᠡᠮ ᠢ ᠢᠳᠡᠪᠬᠢᠲᠡᠢ ᠪᠠᠶᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | | |