| | ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ | ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠳᠦᠷᠢᠮ︾ ︵ | ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠳᠤ ᠲᠠᠶᠢᠯᠤᠮᠵᠢ ᠬᠢᠪᠡ᠃ ︽ᠳᠦᠷᠢᠮ︾ ᠢ ᠨᠡᠶᠢᠲᠡᠯᠡᠭᠰᠡᠨ ᠨᠢ | ᠥᠪᠡᠷᠲᠡᠭᠡᠨ ᠵᠠᠰᠠᠬᠤ ᠣᠷᠣᠨ ᠤ ᠰᠢᠲᠠᠮᠠᠬᠠᠢ ᠬᠡᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢ ᠤᠯᠠᠮ ᠨᠢᠭᠡ | ᠠᠯᠬᠤᠮ ᠴᠢᠩᠭᠠᠳᠬᠠᠵᠤ᠂ ᠰᠢᠲᠠᠮᠠᠬᠠᠢ ᠬᠡᠢ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ᠂ | ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠠᠩᠭᠠᠯᠭ᠎ᠠ ᠶᠢ ᠪᠠᠲᠤᠯᠠᠵᠤ᠂ ᠰᠢᠲᠠᠮᠠᠬᠠᠢ ᠬᠡᠢ ᠶᠢᠨ ᠦᠢᠯᠡᠰ ᠤᠨ | ᠡᠷᠡᠭᠦᠯ ᠢᠶᠠᠷ ᠬᠥᠭᠵᠢᠬᠦ ᠶᠢ ᠠᠬᠢᠭᠤᠯᠬᠤ ᠪᠣᠯᠣᠨ᠎ᠠ᠃ | ᠲᠠᠨᠢᠯᠴᠠᠭᠤᠯᠤᠭᠰᠠᠨ ᠢᠶᠠᠷ᠂ ︽ᠳᠦᠷᠢᠮ︾ ᠳᠤ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ᠂ | ᠰᠢᠲᠠᠮᠠᠬᠠᠢ ᠬᠡᠢ ᠶᠢᠨ ᠡᠵᠡᠩᠨᠡᠭᠴᠢ ᠪᠠ ᠰᠢᠲᠠᠮᠠᠬᠠᠢ ᠬᠡᠢ ᠶᠢᠨ ᠬᠡᠷᠡᠭᠯᠡᠭᠴᠢ ᠶᠢᠨ ᠠᠮᠤᠷ ᠲᠦᠪᠰᠢᠨ ᠤ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ︽ᠳᠦᠷᠢᠮ︾ ᠳᠤ ᠲᠣᠭᠲᠠᠭᠠᠭᠰᠠᠨ ᠨᠢ᠄ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠰᠢᠲᠠᠮᠠᠬᠠᠢ ᠬᠡᠢ ᠶᠢᠨ | ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠰᠢᠲᠠᠮᠠᠬᠠᠢ ᠬᠡᠢ ᠡᠵᠡᠩᠨᠡᠭᠴᠢ ᠠᠶᠤᠯ ᠦᠭᠡᠢ | ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠢᠲᠠᠮᠠᠬᠠᠢ ᠬᠡᠢ | ᠬᠡᠷᠡᠭᠯᠡᠭᠴᠢ ᠰᠢᠲᠠᠮᠠᠬᠠᠢ ᠬᠡᠢ ᠶᠢᠨ ᠬᠡᠷᠡᠭᠯᠡᠯᠲᠡ ᠶᠢᠨ ᠠᠮᠤᠷ ᠲᠦᠪᠰᠢᠨ ᠳᠤ ᠬᠠᠷᠢᠭᠤᠴᠠᠵᠤ᠂ ᠰᠠᠭᠤᠭᠠᠯᠢ ᠠᠷᠠᠳ ᠤᠨ | ᠪᠤᠰᠤ ᠬᠡᠷᠡᠭᠯᠡᠭᠴᠢ ᠰᠢᠲᠠᠮᠠᠬᠠᠢ ᠬᠡᠢ ᠶᠢᠨ ᠠᠮᠤᠷ ᠲᠦᠪᠰᠢᠨ ᠢ ᠲᠣᠰ ᠨᠢᠭᠡᠴᠢ ᠶᠢᠨ ᠢᠶᠠᠨ ᠠᠶᠤᠯ ᠦᠭᠡᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠳᠤ ᠣᠷᠣᠭᠤᠯᠬᠤ ᠬᠡᠷᠡᠭᠲᠡᠢ᠃ | ᠣᠶᠢᠯᠠᠭᠠᠭᠰᠠᠨ ᠢᠶᠠᠷ᠂ ᠮᠠᠨ ᠤ ᠣᠷᠣᠨ ᠤ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠴᠢᠯᠠᠭᠤᠨ ᠲᠣᠰᠣᠨ ᠤ | ᠬᠡᠢ ᠶᠢᠨ ᠬᠡᠷᠡᠭᠯᠡᠭᠴᠢ ᠪᠠᠷᠤᠭ 136 ᠲᠦᠮᠡᠨ ᠡᠷᠦᠬᠡ ᠪᠠᠶᠢᠵᠤ᠂ ᠰᠢᠲᠠᠮᠠᠬᠠᠢ ᠬᠡᠢ ᠶᠢᠨ ᠶᠡᠷᠦᠩᠬᠡᠢ ᠬᠡᠷᠡᠭᠯᠡᠭᠴᠢ ᠶᠢᠨ | 27.4% ᠶᠢ ᠡᠵᠡᠯᠡᠵᠦ ᠪᠤᠢ᠃ ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠶᠢᠨ ᠡᠵᠡᠩᠨᠡᠯᠲᠡ ᠬᠠᠮᠢᠶᠠᠷᠤᠯᠲᠠ ᠶᠢ | ᠴᠢᠩᠭᠠᠳᠬᠠᠬᠤ ᠶᠢᠨ ᠲᠤᠰᠠᠳᠠ᠂ ︽ᠳᠦᠷᠢᠮ︾ ᠳᠤ ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠶᠢ ᠦᠨᠡᠨ | ᠨᠡᠷ᠎ᠡ ᠪᠠᠷ ᠬᠤᠳᠠᠯᠳᠤᠨ ᠠᠪᠬᠤ ᠳᠦᠷᠢᠮ ᠢ ᠬᠡᠷᠡᠭᠵᠢᠭᠦᠯᠦᠨ᠎ᠡ ᠭᠡᠵᠦ ᠲᠣᠭᠲᠠᠭᠠᠭᠰᠠᠨ ᠪᠥᠭᠡᠳ ᠯᠣᠩᠬᠤᠨ ᠳᠤ | ᠰᠠᠪᠠᠯᠠᠭᠰᠠᠨ ᠰᠢᠲᠠᠮᠠᠬᠠᠢ ᠬᠡᠢ ᠶᠢᠨ ᠡᠵᠡᠩᠨᠡᠭᠴᠢ ᠠᠴᠠ ᠰᠢᠲᠠᠮᠠᠬᠠᠢ ᠬᠡᠢ ᠶᠢᠨ ᠬᠡᠷᠡᠭᠯᠡᠭᠴᠢ ᠳᠤ ᠰᠢᠲᠠᠮᠠᠬᠠᠢ ᠬᠡᠢ ᠶᠢᠨ | ᠯᠣᠩᠬᠤ ︵ᠥᠨᠴᠥᠭ ᠤᠨ ᠨᠡᠭᠡᠯᠡᠭᠡᠢ ᠪᠠ ᠳᠠᠷᠤᠯᠲᠠ ᠪᠠᠭᠤᠷᠠᠭᠤᠯᠬᠤ ᠨᠡᠭᠡᠯᠡᠭᠡᠢ ᠪᠠᠭᠲᠠᠨ᠎ᠠ︶ ᠬᠠᠩᠭᠠᠬᠤ᠂ | ᠲᠣᠬᠢᠷᠠᠭᠤᠯᠤᠨ ᠬᠦᠷᠭᠡᠬᠦ᠂ ᠤᠭᠰᠠᠷᠠᠬᠤ ᠠᠵᠢᠯ ᠢ ᠬᠠᠷᠢᠭᠤᠴᠠᠬᠤ ᠶᠢᠨ ᠬᠠᠮᠲᠤ ᠬᠠᠮᠠᠭᠠᠯᠠᠬᠤ᠂ ᠰᠢᠨᠡᠳᠬᠡᠬᠦ ᠪᠠ ᠠᠮᠤᠷ | ᠲᠦᠪᠰᠢᠨ ᠢᠶᠠᠷ ᠬᠡᠢ ᠬᠡᠷᠡᠭᠯᠡᠬᠦ ᠵᠡᠷᠭᠡ ᠲᠣᠬᠢᠷᠠᠭᠰᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ | ᠭᠡᠵᠦ ᠲᠣᠭᠲᠠᠭᠠᠵᠠᠢ᠃ ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠶᠢᠨ ᠡᠵᠡᠩᠨᠡᠭᠴᠢ ᠪᠠᠰᠠ ᠰᠢᠲᠠᠮᠠᠬᠠᠢ ᠬᠡᠢ ᠶᠢᠨ | ᠬᠡᠷᠡᠭᠯᠡᠭᠴᠢ ᠶᠢᠨ ᠰᠢᠲᠠᠮᠠᠬᠠᠢ ᠬᠡᠢ ᠬᠡᠷᠡᠭᠯᠡᠬᠦ ᠲᠠᠯᠠᠪᠤᠷ᠂ ᠰᠢᠲᠠᠮᠠᠬᠠᠢ ᠬᠡᠢ ᠶᠢᠨ ᠲᠥᠬᠦᠭᠡᠷᠦᠮᠵᠢ ᠪᠣᠯᠣᠨ ᠰᠢᠲᠠᠮᠠᠬᠠᠢ | ᠬᠡᠢ ᠶᠢᠨ ᠰᠢᠲᠠᠭᠠᠭᠴᠢ ᠪᠠᠭᠠᠵᠢ ᠬᠡᠷᠡᠭᠰᠡᠯ ᠳᠤ ᠠᠶᠤᠯ ᠦᠭᠡᠢ ᠶᠢᠨ ᠪᠠᠶᠢᠴᠠᠭᠠᠯᠲᠠ ᠬᠢᠬᠦ ᠬᠡᠷᠡᠭᠲᠡᠢ᠃ ᠰᠢᠲᠠᠮᠠᠬᠠᠢ ᠬᠡᠢ | ᠡᠵᠡᠩᠨᠡᠭᠴᠢ ᠲᠤᠰᠬᠠᠢ ᠲᠡᠭᠡᠭᠡᠪᠦᠷᠢ ᠶᠢᠨ ᠨᠢᠭᠡᠴᠢ ᠳᠤ ᠨᠠᠶᠢᠳᠠᠵᠤ ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠶᠢ | ᠲᠣᠬᠢᠷᠠᠭᠤᠯᠤᠨ ᠬᠦᠷᠭᠡᠭᠦᠯᠬᠦ ᠳᠤ ᠭᠦᠷᠪᠡᠯ᠂ ᠲᠣᠬᠢᠷᠠᠭᠤᠯᠤᠨ ᠬᠦᠷᠭᠡᠬᠦ ᠠᠵᠢᠯᠲᠠᠨ ᠪᠠ ᠲᠡᠷᠭᠡ ᠬᠥᠰᠬᠡ ᠶᠢᠨ | ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ | ︽ᠳᠦᠷᠢᠮ︾ ᠳᠤ ᠪᠠᠰᠠ ᠭᠡᠷ ᠪᠠᠶᠢᠰᠢᠩ ᠲᠦᠷᠢᠶᠡᠰᠦᠯᠡᠭᠦᠯᠦᠭᠴᠢ ᠪᠣᠯᠣᠨ ᠲᠦᠷᠢᠶᠡᠰᠦᠯᠡᠭᠴᠢ ᠶᠢᠨ ᠠᠮᠤᠷ | ᠲᠦᠪᠰᠢᠨ ᠢᠶᠠᠷ ᠬᠡᠢ ᠬᠡᠷᠡᠭᠯᠡᠬᠦ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠵᠠᠢ᠃ ᠭᠡᠷ ᠪᠠᠶᠢᠰᠢᠩ | ᠲᠦᠷᠢᠶᠡᠰᠦᠯᠡᠭᠦᠯᠦᠭᠴᠢ ᠭᠡᠷ ᠪᠠᠶᠢᠰᠢᠩ ᠢᠶᠠᠨ ᠲᠦᠷᠢᠶᠡᠰᠦᠯᠡᠭᠦᠯᠬᠦ ᠳᠤ ᠪᠠᠨ ᠲᠤᠰᠢᠶᠠᠨ ᠥᠭᠭᠦᠭᠰᠡᠨ ᠭᠡᠷ | ᠪᠠᠶᠢᠰᠢᠩ ᠤᠨ ︽ᠳᠦᠷᠢᠮ︾ ᠤᠨ ᠲᠣᠭᠲᠠᠭᠠᠯ ᠳᠤ ᠨᠡᠶᠢᠴᠡᠬᠦ ᠶᠢ ᠪᠠᠲᠤᠯᠠᠬᠤ ᠶᠢᠨ ᠬᠠᠮᠲᠤ ᠰᠢᠲᠠᠮᠠᠬᠠᠢ ᠬᠡᠢ ᠶᠢᠨ | ᠪᠡᠯᠡᠳᠬᠡᠮᠵᠢ ᠪᠣᠯᠣᠨ ᠰᠢᠲᠠᠮᠠᠬᠠᠢ ᠬᠡᠢ ᠶᠢᠨ ᠰᠢᠲᠠᠭᠠᠭᠴᠢ ᠪᠠᠭᠠᠵᠢ ᠬᠡᠷᠡᠭᠰᠡᠯ ᠢ ᠬᠠᠮᠠᠭᠠᠯᠠᠬᠤ᠂ ᠰᠡᠯᠪᠢᠨ ᠵᠠᠰᠠᠬᠤ ᠪᠠ | ᠰᠢᠨᠡᠳᠬᠡᠨ ᠥᠭᠡᠷᠡᠴᠢᠯᠡᠬᠦ ᠬᠠᠷᠢᠭᠤᠴᠠᠯᠭ᠎ᠠ ᠶᠢ ᠡᠭᠦᠷᠭᠡᠯᠡᠬᠦ ᠮᠥᠷᠲᠡᠭᠡᠨ ᠲᠦᠷᠢᠶᠡᠰᠦᠯᠡᠭᠴᠢ ᠡᠳᠦᠷ ᠲᠤᠲᠤᠮ ᠤᠨ | ᠰᠢᠲᠠᠮᠠᠬᠠᠢ ᠬᠡᠢ ᠶᠢᠨ ᠬᠡᠷᠡᠭᠯᠡᠯᠲᠡ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ | | |