ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠵᠢᠷᠭᠤᠳᠤᠭᠠᠷ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠶᠤᠸᠠᠨ ᠪᠦᠦ ᠱᠠᠨ ᠲᠣᠭᠤᠷᠢᠭ ᠲᠤ ᠢᠷᠡᠵᠦ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2022/7/11
     7 ᠳ᠋ᠤᠭᠠᠷ ᠰᠠᠷ᠎ᠠ ᠶᠢᠨ 6᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠵᠢᠷᠭᠤᠳᠤᠭᠠᠷ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠶᠤᠸᠠᠨ ᠪᠦᠦ ᠱᠠᠨ ᠲᠣᠭᠤᠷᠢᠭ ᠲᠤ ᠢᠷᠡᠵᠦ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ ᠱᠠᠯᠠᠪᠳᠠᠭᠤᠯᠤᠨ ᠵᠢᠯᠣᠭᠤᠳᠪᠠ᠃ ᠤᠯᠠᠭᠠᠨᠬᠠᠳᠠ ᠬᠤᠲᠠ ᠶᠢᠨ ᠬᠠᠤᠯᠢ ᠴᠠᠭᠠᠵᠠ ᠶᠢᠨ ᠲᠣᠪᠴᠢᠶᠠᠨ ᠤ ᠲᠤᠪᠴᠢᠶᠠᠨ ᠳᠠᠷᠤᠭ᠎ᠠ ᠵᠢᠦᠢ ᠸᠧᠨ ᠯᠢᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠲᠣᠪᠴᠢᠶᠠᠨ ᠳᠠᠷᠤᠭ᠎ᠠ ᠎ ᠶᠢᠨ ᠲᠧᠩ ᠵᠢᠶᠣᠣ᠂ ᠶᠤᠸᠠᠨ ᠪᠦᠦ ᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠬᠠᠷᠢᠭᠤᠴᠠᠯᠭᠠᠲᠠᠨ ᠪᠠᠷ᠎ᠠ ᠪᠣᠯᠵᠤ ᠱᠠᠯᠠᠪᠳᠠᠭᠤᠯᠤᠨ ᠵᠢᠯᠣᠭᠤᠳᠪᠠ᠃
1_副本.jpg
2_副本.jpg
         ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠎ ᠤᠨ ᠬᠢᠨ ᠤᠷᠢᠳ ᠬᠤᠵᠢᠳ ᠶᠤᠸᠠᠨ ᠪᠦᠦ ᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠮᠣᠬᠤᠷ ᠭᠤᠣᠯ ᠬᠠᠤᠯᠢ ᠴᠠᠭᠠᠵᠠ ᠶᠢᠨ ᠰᠠᠯᠪᠤᠷᠢ ᠠᠩᠭᠢ ᠂ ᠰᠢ ᠯᠦ ᠲᠢᠶᠠᠨ ᠬᠠᠤᠯᠢ ᠴᠠᠭᠠᠵᠠ ᠶᠢᠨ ᠰᠠᠯᠪᠤᠷᠢ ᠠᠩᠭᠢ ᠂ ᠫᠢᠩ ᠵᠤᠸᠠᠩ ᠤᠨ ᠪᠠᠷᠠᠭᠤᠨ ᠬᠤᠲᠠ ᠬᠠᠤᠯᠢ ᠴᠠᠭᠠᠵᠠ ᠶᠢᠨ ᠰᠠᠯᠪᠤᠷᠢ ᠠᠩᠭᠢ ᠵᠡᠷᠭᠡ ᠭᠠᠵᠠᠷ ᠤᠳ ᠲᠤ ᠬᠦᠷᠦᠨ ᠲᠤᠬᠠᠢ ᠶᠢᠨ ᠭᠠᠵᠠᠷ ᠤᠨ ᠪᠠᠶᠢᠴᠠᠭᠠᠯᠲᠠ ᠬᠢᠵᠦ᠂ ᠲᠠᠩᠰᠠ ᠡᠪᠬᠡᠮᠡᠯ ᠢ ᠪᠠᠶᠢᠴᠠᠭᠠᠨ ᠦᠵᠡᠬᠦ ᠪᠠ ᠭᠦᠨᠵᠡᠭᠡᠢ ᠶᠠᠷᠢᠯᠴᠠᠨ ᠣᠶᠢᠯᠠᠭᠠᠬᠤ ᠪᠠᠷ ᠳᠡᠮᠵᠢᠨ᠂ ᠠᠮᠤᠷ ᠲᠣᠭᠲᠠᠭᠤᠨ ᠢ ᠬᠠᠮᠠᠭᠠᠯᠠᠬᠤ ᠂ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠪᠠ ᠲᠥᠪᠬᠢᠨᠡᠭᠦᠯᠵᠦ ᠬᠠᠪᠰᠤᠷᠤᠨ ᠰᠤᠷᠭᠠᠬᠤ ᠵᠢᠴᠢ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠡᠶᠡᠳᠡᠭᠦᠯᠬᠦ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃ ᠲᠠᠷᠠᠭ᠎ᠠ ᠨᠢ ᠂ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠤᠨ ᠬᠢᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠳᠤ ᠬᠦᠷᠴᠦ ᠠᠷᠠᠳ ᠤᠨ ᠡᠶᠡᠳᠡᠭᠦᠯᠦᠨ ᠵᠣᠬᠢᠴᠢᠭᠤᠯᠭ᠎ᠠ ᠶᠢᠨ ᠵᠢᠯᠤᠭᠤᠳᠬᠤ ᠲᠥᠪ ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠂ ᠠᠷᠠᠳ ᠤᠨ ᠡᠶᠡᠳᠡᠭᠦᠯᠭᠡ ᠶᠢᠨ ᠨᠡᠶᠢᠭᠡᠮᠯᠢᠭ ᠂ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠲᠥᠪ ᠢ ᠲᠣᠭᠤᠷᠢᠨ ᠦᠵᠡᠭᠰᠡᠨ ᠪᠥᠭᠡᠳ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠲᠣᠭᠲᠠᠭᠤᠨ ᠢ ᠬᠠᠮᠠᠭᠠᠯᠠᠬᠤ ᠠᠵᠢᠯ ᠤᠨ ᠲᠣᠭᠤᠷᠢᠨ ᠳᠤ ᠶᠠᠷᠢᠯᠴᠠᠬᠤ ᠬᠤᠷᠠᠯ ᠬᠤᠷᠠᠯᠳᠤᠭᠤᠯᠵᠠᠢ ᠃
3_副本.jpg
         ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠤᠨ ᠬᠢᠨ ᠶᠤᠸᠠᠨ ᠪᠦᠦ ᠱᠠᠨ ᠲᠣᠭᠤᠷᠢᠭ ᠤᠨ ᠣᠳᠣᠬᠠᠨ ᠤ ᠠᠮᠤᠷ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠭᠦᠢᠴᠡᠳ ᠨᠤᠲᠠᠯᠠᠬᠤ ᠶᠢᠨ ᠬᠠᠮᠲᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠲᠣᠭᠲᠠᠭᠤᠨ ᠢ ᠬᠠᠮᠠᠭᠠᠯᠠᠬᠤ ᠡᠨᠡᠬᠦ ᠭᠤᠣᠯ ᠱᠤᠭᠤᠮ ᠤᠨ ᠲᠣᠭᠤᠷᠢᠨ ᠳᠤ ᠂ ᠠᠶᠤᠯ ᠲᠦᠭᠰᠢᠭᠦᠷᠢ ᠶᠢ ᠰᠡᠷᠭᠡᠶᠢᠯᠡᠬᠦ ᠂ ᠲᠣᠭᠲᠠᠭᠤᠨ ᠢ ᠬᠠᠮᠠᠭᠠᠯᠠᠬᠤ ᠂ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠵᠢᠯ ᠢ ᠴᠢᠩᠭ᠎ᠠ ᠂ ᠪᠣᠳᠠᠲᠠᠢ ᠂ ᠨᠠᠷᠢᠯᠢᠭ ᠠᠳᠬᠤᠵᠤ ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ ᠬᠡᠷᠡᠭᠲᠡᠢ᠃ ᠨᠢᠭᠡ ᠳᠤ ᠂ ᠹᠧᠩ ᠴᠢᠶᠣᠣ ᠶᠢᠨ ᠲᠤᠷᠰᠢᠯᠭ᠎ᠠ ᠎ ᠲᠠᠢ ᠲᠠᠰᠤᠷᠠᠯᠲᠠ ᠦᠭᠡᠢ ᠠᠭᠤᠰᠤᠯᠴᠠᠭᠤᠯᠵᠤ ᠂ ︽ ᠰᠡᠷᠭᠡᠶᠢᠯᠡᠬᠦ ᠶᠢ ᠲᠡᠷᠢᠭᠦᠨ ᠳᠤ ᠲᠠᠯᠪᠢᠬᠤ ︾ ᠣᠶᠢᠯᠠᠭᠠᠭᠳᠠᠬᠤᠨ ᠢ ᠪᠠᠲᠤᠵᠢᠭᠤᠯᠵᠤ᠂ ︽ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠂ ᠰᠤᠷᠭᠠᠨ ᠬᠥᠮᠥᠵᠢᠭᠦᠯᠵᠦ ᠵᠢᠭᠠᠨ ᠵᠢᠯᠤᠭᠤᠳᠬᠤ ᠂ ᠬᠠᠤᠯᠢ ᠶᠣᠰᠣᠭᠠᠷ ᠡᠶᠡᠳᠡᠭᠦᠯᠬᠦ ᠂ ᠵᠦᠷᠢᠴᠡᠯ ᠬᠤᠷᠴᠠᠳᠬᠤ ᠢ ᠰᠡᠷᠭᠡᠶᠢᠯᠡᠬᠦ ︾ ᠵᠠᠷᠴᠢᠮ ᠶᠣᠰᠣᠭᠠᠷ ᠂ ᠵᠥᠷᠢᠴᠡᠯ ᠢ ᠠᠯᠢ ᠴᠢᠳᠠᠬᠤ ᠪᠠᠷ ᠡᠷᠲᠡᠬᠡᠨ ᠦᠨᠳᠦᠰᠦᠨ ᠱᠠᠲᠤᠨ ᠳᠤ ᠰᠢᠢᠳᠪᠦᠷᠢᠯᠡᠵᠦ ᠂ ᠲᠤᠬᠠᠢ ᠶᠢᠨ ᠭᠠᠵᠠᠷ ᠲᠤᠨᠢ ᠡᠶᠡᠳᠡᠭᠦᠯᠵᠦ᠂ ᠴᠤᠬᠤᠶᠢᠵᠤ ᠪᠠᠶᠢᠭ᠎ᠠ ᠦᠶᠡᠰ ᠲᠤᠨᠢ ᠠᠷᠢᠯᠭᠠᠵᠤ ᠂ ᠤᠯᠤᠰ ᠲᠦᠷᠦ ᠶᠢᠨ ᠦᠷ᠎ᠡ ᠪᠦᠲᠦᠮᠵᠢ ᠂ ᠬᠠᠤᠯᠢ ᠴᠠᠭᠠᠵᠠ ᠶᠢᠨ ᠦᠷ᠎ᠡ ᠪᠦᠲᠦᠮᠵᠢ ᠪᠣᠯᠣᠨ ᠨᠡᠶᠢᠭᠡᠮ ᠤᠨ ᠦᠷ᠎ᠡ ᠪᠦᠲᠦᠮᠵᠢ ᠶᠢ ᠣᠷᠭᠠᠨᠢᠭ ᠢᠶᠠᠷ ᠨᠢᠭᠡᠳᠬᠡᠬᠦ ᠶᠢ ᠪᠡᠶᠡᠯᠡᠭᠦᠯᠬᠦ ᠬᠡᠷᠡᠭᠲᠡᠢ ᠃ ᠬᠤᠶᠠᠷ ᠲᠤ ᠂ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠪᠠ ᠳᠥᠪᠬᠢᠨᠡᠭᠦᠯᠦᠨ ᠬᠠᠪᠰᠤᠷᠤᠨ ᠰᠤᠷᠭᠠᠬᠤ ᠠᠵᠢᠯ ᠢ ᠴᠢᠩᠭᠠᠳᠬᠠᠵᠤ ᠂ ᠡᠳᠦᠷ ᠳᠤᠳᠤᠮ ᠤᠨ ᠬᠢᠨᠠᠯᠲᠠ ᠬᠠᠮᠢᠶᠠᠷᠤᠯᠲᠠ ᠪᠠ ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠬᠦ ᠠᠵᠢᠯ ᠂ ᠮᠡᠳᠡᠭᠡ ᠵᠠᠩᠭᠢ ᠶᠢ ᠬᠢᠨᠠᠨ ᠪᠠᠶᠢᠴᠠᠭᠠᠬᠤ ᠪᠠ ᠠᠮᠤᠷ ᠲᠦᠪᠰᠢᠨ ᠤ ᠭᠡᠮ ᠰᠣᠭᠤᠭ ᠢ ᠡᠩᠨᠡᠭᠦᠯᠦᠨ ᠪᠠᠶᠢᠴᠠᠭᠠᠬᠤ ᠠᠵᠢᠯ ᠢ ᠰᠠᠶᠢᠲᠤᠷ ᠬᠢᠵᠦ ᠂ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠤᠭ᠎ᠠ ᠶᠢᠨ ᠠᠮᠤᠷ ᠲᠦᠪᠰᠢᠨ ᠤ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠬᠤ ᠶᠢ ᠥᠨᠡᠨ ᠬᠦ ᠴᠢᠩᠭᠠᠳᠬᠠᠨ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠵᠤ᠂ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠤᠭ᠎ᠠ ᠶᠢᠨ ᠴᠢᠬᠤᠯᠠ ᠶᠡᠭᠡ ᠬᠡᠷᠡᠭ ᠶᠠᠪᠤᠳᠠᠯ ᠢ ᠮᠡᠳᠡᠭᠦᠯᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠃ ᠭᠤᠷᠪᠠ ᠳᠤ ᠂ ᠠᠵᠢᠯ ᠢ ᠠᠬᠢᠭᠤᠯᠬᠤ ᠶᠠᠪᠤᠴᠠ ᠳᠠᠬᠢ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠂ ᠬᠠᠤᠯᠢ ᠴᠠᠭᠠᠵᠠ ᠶᠢᠨ ᠦᠢᠯᠡᠴᠢᠯᠡᠭᠡ ᠪᠠ ᠬᠠᠤᠯᠢ ᠶᠢ ᠲᠦᠭᠡᠮᠡᠯᠵᠢᠭᠦᠯᠦᠨ ᠬᠠᠤᠯᠢ ᠶᠢ ᠰᠠᠬᠢᠬᠤ ᠬᠠᠮᠲᠤᠷᠠᠯ ᠠᠷᠭ᠎ᠠ ᠠᠪᠴᠠᠯ ᠢ ᠰᠠᠶᠢᠲᠤᠷ ᠠᠳᠬᠤᠵᠤ ᠂ ᠬᠠᠥᠯᠢ ᠪᠠᠷ ᠵᠠᠰᠠᠬᠤ ᠶᠢᠨ ᠦᠨᠳᠦᠰᠦ ᠶᠢ ᠪᠠᠲᠤᠳᠬᠠᠬᠤ ᠂ ᠵᠢᠱᠢᠯᠲᠡ ᠶᠢ ᠲᠣᠭᠲᠠᠪᠤᠷᠢᠵᠢᠭᠤᠯᠬᠤ ᠂ ᠠᠯᠤᠰ ᠬᠡᠳᠦ ᠳᠤ ᠠᠰᠢᠭᠲᠠᠢ ᠪᠠᠶᠢᠬᠤ ᠴᠢᠬᠤᠯᠠ ᠦᠢᠯᠡᠳᠦᠯ ᠢ ᠥᠨᠡᠨ ᠬᠦ ᠪᠠᠳᠠᠷᠠᠭᠤᠯᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠳᠤ ᠠᠮᠤᠷ ᠲᠣᠭᠲᠠᠭᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃  
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1