| | 7 ᠰᠠᠷ᠎ᠠ ᠶᠢᠨ 8 ᠤ ᠡᠳᠦᠷ᠂ ᠶᠤᠸᠠᠨ ᠪᠦᠦ ᠱᠠᠨ ᠲᠣᠭᠤᠷᠢᠭ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠰᠢᠰᠲ᠋ᠧᠮ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠡᠰᠡᠷᠭᠦᠴᠡᠬᠦ ᠭᠠᠳᠠᠨ᠎ᠠ ᠣᠷᠤᠨ ᠢ | ᠲᠤᠰᠠᠯᠠᠬᠤ ᠠᠩᠭᠢ ᠶᠢᠨ ᠭᠡᠰᠢᠭᠦᠳ ᠢᠯᠠᠯᠲᠠ ᠲᠠᠢ ᠪᠠᠷ ᠪᠤᠴᠠᠵᠤ ᠢᠷᠡᠭᠰᠡᠨ ᠢ ᠤᠭᠲᠤᠬᠤ ᠶᠣᠰᠣᠯᠠᠯ | ᠶᠠᠪᠤᠭᠳᠠᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ ᠵᠢᠶᠣᠣ ᠴᠢᠩ ᠳ᠋ᠦᠩ | ᠶᠣᠰᠣᠯᠠᠯ ᠳᠤ ᠣᠷᠤᠯᠴᠠᠨ ᠶᠠᠷᠢᠶ᠎ᠠ ᠲᠠᠯᠪᠢᠪᠠ᠃ | | | | ᠤᠭᠲᠤᠬᠤ ᠶᠣᠰᠣᠯᠠᠯ ᠳᠡᠭᠡᠷ᠎ᠡ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ | ᠬᠠᠷᠢᠭᠤᠴᠠᠯᠭᠠᠲᠠᠨ 2022 ᠣᠨ ᠤ 6 ᠰᠠᠷ᠎ᠠ ᠠᠴᠠ ᠨᠠᠭᠠᠰᠢᠬᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠰᠢᠰᠲ᠋ᠧᠮ ᠤᠨ ᠭᠠᠳᠠᠨ᠎ᠠ ᠣᠷᠣᠨ ᠤ ᠬᠢᠵᠢᠭ ᠢ ᠡᠰᠡᠷᠭᠦᠴᠡᠬᠦ ᠳᠤ ᠲᠤᠰᠠᠯᠠᠭᠰᠠᠨ ᠬᠥᠮᠥᠰ ᠤᠨ ᠨᠡᠷᠡᠰ ᠢ | ᠤᠩᠰᠢᠨ ᠨᠡᠶᠢᠲᠡᠯᠡᠪᠡ︔ ᠭᠠᠳᠠᠨ᠎ᠠ ᠣᠷᠤᠨ ᠢ ᠲᠤᠰᠠᠯᠠᠭᠰᠠᠨ ᠬᠢᠵᠢᠭ ᠢ ᠡᠰᠡᠷᠭᠦᠴᠡᠬᠦ ᠠᠵᠢᠯᠲᠠᠨ ᠤ | ᠲᠥᠯᠥᠭᠡᠯᠡᠭᠴᠢ ᠠᠴᠠ ᠭᠠᠳᠠᠨ᠎ᠠ ᠣᠷᠤᠨ ᠢ ᠲᠤᠰᠠᠯᠠᠨ ᠬᠢᠵᠢᠭ ᠢ ᠡᠰᠡᠷᠭᠦᠴᠡᠭᠰᠡᠨ ᠠᠵᠢᠯ ᠤᠨ ᠪᠠᠶᠢᠳᠠᠯ ᠤᠨ | ᠮᠡᠳᠡᠭᠦᠯᠦᠯᠲᠡ ᠬᠢᠪᠡ᠃ | | | | ᠵᠢᠶᠣᠣ ᠴᠢᠩ ᠳ᠋ᠦᠩ ᠶᠠᠷᠢᠶᠠᠨ ᠳᠠᠭᠠᠨ᠂ ᠮᠠᠨ ᠤ ᠲᠣᠭᠤᠷᠢᠭ ᠤᠨ 77 ᠡᠮᠴᠢ ᠰᠤᠪᠢᠯᠠᠭᠴᠢ | ᠰᠠᠨᠠᠭᠠᠴᠢᠯᠠᠭ᠎ᠠ ᠠᠴᠠ ᠪᠠᠨ ᠡᠷᠭᠦᠳᠡᠯ ᠭᠠᠷᠭᠠᠵᠤ᠂ ᠳᠠᠷᠬᠠᠨ ᠬᠠᠷᠢᠭᠤᠴᠠᠯᠭ᠎ᠠ ᠡᠭᠦᠷᠭᠡᠯᠡᠨ᠂ ᠳᠠᠶᠢᠯᠠᠯᠳᠤᠭᠠᠨ ᠢ | ᠰᠥᠷᠦᠨ ᠮᠣᠷᠳᠠᠵᠤ᠂ ᠭᠠᠳᠠᠨ᠎ᠠ ᠣᠷᠤᠨ ᠢ ᠲᠤᠰᠠᠯᠠᠨ ᠬᠢᠵᠢᠭ ᠢ ᠡᠰᠡᠷᠭᠦᠴᠡᠵᠦ᠂ ᠥᠪᠡᠷ ᠤᠨ ᠲᠤᠰᠬᠠᠢ ᠮᠡᠷᠭᠡᠵᠢᠯ | ᠪᠣᠯᠣᠨ ᠰᠢᠷᠭᠠᠭᠤ ᠴᠢᠷᠮᠠᠶᠢᠯᠭ᠎ᠠ ᠪᠠᠷ ᠢᠶᠠᠨ ᠲᠤᠰᠠᠯᠠᠭᠰᠠᠨ ᠣᠷᠤᠨ ᠤ ᠠᠷᠠᠳ ᠲᠦᠮᠡᠨ ᠤ ᠠᠮᠢ ᠨᠠᠰᠤᠨ ᠤ ᠠᠮᠤᠷ | ᠲᠦᠪᠰᠢᠨ ᠢ ᠬᠠᠮᠠᠭᠠᠯᠠᠨ᠂ ᠬᠠᠶᠢᠷ᠎ᠠ ᠬᠠᠯᠠᠮᠵᠢ ᠶᠢᠨ ᠡᠷᠬᠢᠮ ᠳᠡᠭᠡᠳᠦ ᠪᠣᠯᠤᠨ ᠶᠤᠸᠠᠨ ᠪᠦᠦ ᠱᠠᠨ ᠲᠣᠭᠤᠷᠢᠭ ᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯᠲᠠᠳ ᠤᠨ ᠨᠢᠷᠤᠭᠤᠯᠢᠭ ᠬᠠᠷᠢᠭᠤᠴᠠᠯᠭᠠᠲᠠᠢ ᠪᠠᠶᠢᠬᠤ ᠶᠢ ᠢᠯᠡᠷᠡᠭᠦᠯᠵᠦ ᠂ | ᠡᠯ᠎ᠡ ᠭᠠᠵᠠᠷ ᠤᠨ ᠵᠠᠰᠠᠭ ᠤᠨ ᠣᠷᠳᠣᠨ ᠤ ᠥᠨᠳᠥᠷ ᠦᠨᠡᠯᠡᠯᠲᠡ ᠶᠢ ᠣᠯᠵᠠᠢ᠃ ᠣᠯᠡᠨ ᠢ ᠬᠦᠰᠡᠬᠦ ᠨᠢ᠂ ᠨᠡᠩ | ᠴᠤᠭ ᠪᠠᠳᠠᠷᠠᠩᠭᠤᠢ ᠳᠦᠷᠢ ᠪᠠᠶᠢᠳᠠᠯ ᠢᠶᠠᠷ ᠠᠵᠢᠯ ᠤᠨ ᠪᠠᠶᠢᠷᠢ ᠳᠠᠭᠠᠨ ᠪᠤᠴᠠᠵᠤ᠂ ᠬᠦᠴᠢᠷ ᠪᠡᠷᠬᠡᠰᠢᠶᠡᠯ ᠠᠴᠠ | ᠠᠶᠤᠬᠤ ᠦᠭᠡᠢ᠂ ᠪᠡᠷᠬᠡ ᠶᠢ ᠰᠥᠷᠦᠨ ᠤᠷᠤᠭᠰᠢᠯᠠᠬᠤ᠂ ᠡᠷᠡᠯᠬᠡᠭᠯᠡᠨ ᠲᠡᠮᠡᠴᠡᠬᠦ ᠵᠣᠷᠢᠭ ᠰᠠᠨᠠᠭ᠎ᠠ ᠪᠠᠨ ᠦᠷᠭᠦᠯᠵᠢᠯᠡᠨ | ᠪᠠᠳᠠᠷᠠᠭᠤᠯᠵᠤ᠂ ᠪᠣᠳᠠᠲᠤ ᠲᠤᠷᠰᠢᠯᠭ᠎ᠠ ᠪᠠᠨ ᠰᠠᠶᠢᠲᠤᠷ ᠳ᠋ᠦᠩᠨᠡᠨ ᠬᠤᠶᠢᠰᠢᠳᠠ ᠶᠢᠨ ᠠᠵᠢᠯ ᠳᠤ ᠪᠠᠨ ᠠᠰᠢᠭᠯᠠᠵᠤ᠂ | ᠲᠠᠰᠤᠷᠠᠯᠳᠠ ᠦᠭᠡᠢ ᠰᠢᠨ᠎ᠡ ᠠᠮᠵᠢᠯᠲᠠ ᠡᠭᠦᠳᠦᠨ ᠂ ᠭᠡᠷᠡᠯ ᠰᠠᠴᠤᠷᠠᠩᠭᠤᠢ ᠬᠠᠭᠤᠳᠠᠰᠤ ᠶᠢ ᠦᠷᠭᠦᠯᠵᠢᠯᠡᠨ | ᠪᠢᠴᠢᠭᠯᠡᠵᠦ᠂ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠤ ᠶᠢ ᠦᠷᠭᠦᠯᠵᠢᠯᠡᠨ ᠰᠠᠶᠢᠲᠤᠷ ᠬᠠᠮᠠᠭᠠᠯᠠᠬᠤ ᠶᠢ | ᠬᠦᠰᠡᠵᠦ ᠪᠠᠶᠢᠨ᠎ᠠ ᠭᠡᠵᠠᠢ᠃ | | | | ᠵᠢᠶᠣᠣ ᠴᠢᠩ ᠳ᠋ᠦᠩ᠂ ᠪᠦᠬᠦ ᠲᠣᠭᠤᠷᠢᠭ ᠢᠶᠠᠷ ᠢᠶᠠᠨ ᠬᠢᠵᠢᠭ ᠢ ᠡᠰᠡᠷᠭᠦᠴᠡᠭᠰᠡᠨ ᠪᠠᠭᠠᠲᠤᠷ ᠵᠢᠱᠢᠶᠡᠴᠢ ᠬᠦᠮᠦᠰ | ᠂ ᠡᠮ ᠡᠮᠨᠡᠯᠭᠡ ᠶᠢᠨ ᠠᠵᠢᠯᠲᠠᠳ ᠤᠨ ᠲᠡᠷᠢᠭᠦᠨ ᠤ ᠦᠢᠯᠡ ᠶᠠᠪᠤᠳᠠᠯ ᠪᠣᠯᠣᠨ ᠡᠷᠡᠯᠬᠡᠭ ᠪᠠᠭᠠᠲᠤᠷᠯᠢᠭ ᠠᠵᠢᠯᠯᠠᠭ᠎ᠠ ᠶᠢ | ᠭᠦᠨᠵᠡᠭᠡᠢ ᠠᠭᠤᠳᠠᠯᠵᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ ᠂ ᠪᠦᠬᠦ ᠨᠡᠶᠢᠭᠡᠮ ᠳᠤ ᠪᠠᠭᠠᠲᠤᠷᠴᠤᠳ ᠢ | ᠪᠢᠰᠢᠷᠡᠨ ᠬᠥᠨᠳᠥᠳᠬᠡᠬᠦ ᠂ ᠪᠠᠭᠠᠲᠤᠷᠴᠤᠳ ᠠᠴᠠ ᠰᠤᠷᠤᠯᠴᠠᠬᠤ᠂ ᠪᠠᠭᠠᠲᠤᠷ ᠪᠣᠯᠬᠤ ᠪᠠᠷ ᠴᠢᠷᠮᠠᠶᠢᠬᠤ ᠥᠨᠢᠷ | ᠥᠳᠬᠡᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ | ᠡᠯ᠎ᠡ ᠵᠦᠢᠯ ᠤᠨ ᠬᠠᠯᠠᠮᠵᠢᠯᠠᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ | ᠬᠤᠶᠢᠰᠢᠳᠠ ᠶᠢᠨ ᠠᠵᠢᠯ ᠠᠮᠢᠳᠤᠷᠠᠯ ᠳᠤᠮᠳᠠ ᠲᠡᠳᠡᠨ ᠢ ᠢᠯᠡᠭᠦᠬᠡᠨ ᠬᠠᠯᠠᠮᠵᠢᠯᠠᠨ ᠳᠡᠮᠵᠢᠵᠦ᠂ ᠦᠢᠯᠡᠴᠢᠯᠡᠭᠡᠨ ᠤ | ᠪᠠᠲᠤᠯᠠᠭ᠎ᠠ ᠶᠢ ᠥᠩᠭᠡᠷᠡᠭᠰᠡᠨ ᠲᠠᠢ ᠪᠠᠨ ᠠᠳᠠᠯᠢ ᠪᠠᠷ ᠨᠠᠷᠢᠨ ᠨᠢᠮᠪᠠᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ | ᠃ | | | | ᠣᠶᠢᠯᠠᠭᠠᠭᠰᠠᠨ ᠢᠶᠠᠷ᠂ 6 ᠳ᠋ᠤᠭᠠᠷ ᠰᠠᠷ᠎ᠠ ᠠᠴᠠ ᠨᠠᠭᠠᠰᠢ ᠂ ᠮᠠᠨ ᠤ ᠲᠣᠭᠤᠷᠢᠭ ᠤᠨ 77 ᠡᠮᠴᠢ ᠰᠤᠪᠢᠯᠠᠭᠴᠢ | ᠳᠡᠭᠡᠳᠦ ᠱᠠᠲᠤᠨ ᠤ ᠤᠷᠢᠶᠠᠯᠠᠭ᠎ᠠ ᠶᠢ ᠢᠳᠡᠪᠬᠢᠲᠡᠢ ᠳᠠᠭᠠᠵᠤ᠂ ᠤᠷᠢᠳ ᠬᠤᠵᠢᠳ ᠡᠷᠢᠶᠡᠨ ᠬᠤᠲᠠ᠂ ᠯᠢᠨᠰᠢ ᠰᠢᠶᠠᠨ | ᠂ ᠰᠦᠩᠱᠠᠨ ᠲᠣᠭᠤᠷᠢᠭ᠂ ᠬᠤᠩᠱᠠᠨ ᠲᠣᠭᠤᠷᠢᠭ ᠲᠤ ᠬᠦᠷᠴᠦ ᠬᠢᠵᠢᠭ ᠢ ᠡᠰᠡᠷᠭᠦᠴᠡᠬᠦ ᠠᠵᠢᠯ ᠳᠤ ᠲᠤᠰᠠᠯᠠᠨ ᠂ ᠡᠯ᠎ᠡ | ᠭᠠᠵᠠᠷ ᠤᠨ ᠣᠯᠠᠨ ᠲᠦᠮᠡᠨ ᠲᠠᠢ ᠮᠥᠷᠥ ᠵᠡᠷᠭᠡᠴᠡᠨ ᠪᠠᠶᠢᠯᠳᠤᠵᠤ᠂ ᠡᠯ᠎ᠡ ᠵᠦᠢᠯ ᠤᠨ ᠠᠵᠢᠯ ᠡᠭᠦᠷᠭᠡ ᠪᠠᠨ ᠲᠡᠭᠦᠰ | ᠠᠮᠵᠢᠯᠲᠠ ᠲᠠᠢ ᠪᠡᠶᠡᠯᠡᠭᠦᠯᠵᠡᠢ᠃ | | | |