ᠰᠣᠶᠣᠯᠴᠡᠴᠡᠭ ᠶᠤᠸᠠᠨ ᠪᠦᠦ ᠱᠠᠨ ᠲᠣᠭᠤᠷᠢᠭ ᠲᠤ ᠢᠷᠡᠵᠦ ᠬᠤᠲᠠ ᠴᠣᠭᠴᠠᠯᠠᠬᠤ ᠠᠵᠢᠯ ᠢ ᠬᠢᠨᠠᠨ ᠵᠢᠯᠤᠭᠤᠳᠬᠤ ᠶᠢᠨ ᠬᠠᠮᠲᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠪᠣᠯᠭᠤᠭᠠᠨ ᠦᠵᠡᠪᠡ
ᠨᠡᠶᠢᠲᠡᠯᠡᠭᠰᠡᠨ ᠴᠠᠭ᠄
2022/7/13
     7 ᠰᠠᠷ᠎ᠠ ᠶᠢᠨ 11᠎ ᠤ ᠡᠳᠦᠷ᠂ ᠤᠯᠠᠭᠠᠨᠬᠠᠳᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠣᠶᠣᠯᠴᠡᠴᠡᠭ ᠶᠤᠸᠠᠨ ᠪᠦᠦ ᠱᠠᠨ ᠲᠣᠭᠤᠷᠢᠭ ᠲᠤ ᠢᠷᠡᠵᠦ ᠬᠤᠲᠠ ᠴᠣᠭᠴᠠᠯᠠᠬᠤ ᠠᠵᠢᠯ ᠢ ᠬᠢᠨᠠᠨ ᠵᠢᠯᠤᠭᠤᠳᠬᠤ ᠶᠢᠨ ᠬᠠᠮᠲᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠪᠣᠯᠭᠤᠭᠠᠨ ᠦᠵᠡᠪᠡ᠃ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠵᠧᠨ ᠯᠢᠶᠠᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠤᠸᠠᠨ ᠶᠦᠨ ᠾᠧ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠫᠢᠩᠵᠤᠸᠠᠩ ᠤᠨ ᠵᠡᠭᠦᠨ ᠬᠤᠲᠠ ᠵᠡᠭᠡᠯᠢ ᠭᠤᠳᠤᠮᠵᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠠᠷ᠎ᠠ ᠪᠣᠯᠪᠠ᠃
1_副本.jpg
         ᠰᠣᠶᠤᠯᠴᠡᠴᠡᠭ ᠨᠠᠷ ᠤᠷᠢᠳ ᠬᠤᠵᠢᠳ ᠫᠢᠩᠵᠤᠸᠠᠩ ᠤᠨ ᠵᠡᠭᠦᠨ ᠬᠤᠲᠠ ᠵᠡᠭᠡᠯᠢ ᠭᠤᠳᠤᠮᠵᠢ ᠶᠢᠨ ᠪᠦᠦ ᠱᠠᠨ ᠵᠠᠮ ᠨᠡᠶᠢᠭᠡᠮ ᠲᠣᠭᠤᠷᠢᠭ ᠤᠨ ᠵᠡᠭᠦᠨ ᠠᠰᠠᠷ ᠤᠨ ᠬᠤᠷᠢᠶᠠᠯᠠᠯ ᠂ ᠶᠢᠨ ᠾᠧ ᠶᠠᠪᠠᠭᠠᠨ ᠵᠡᠭᠡᠯᠢ᠂ ᠶᠢᠨ ᠾᠧ B ᠬᠤᠷᠢᠶᠠᠯᠠᠯ ᠂  ᠫᠢᠩᠵᠤᠸᠠᠩ ᠤᠨ ᠰᠢᠨ ᠹᠠ ᠳ᠋ᠢ ᠵᠠᠬ᠎ᠠ ᠳᠡᠯᠭᠡᠭᠦᠷ ᠲᠤ ᠬᠦᠷᠴᠦ ᠬᠤᠲᠠ ᠴᠣᠭᠴᠠᠯᠠᠬᠤ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠲᠡᠷᠭᠡ ᠵᠣᠭᠰᠣᠬᠤ ᠪᠠᠶᠢᠷᠢ ᠶᠢᠨ ᠬᠤᠪᠢᠶᠠᠷᠢᠯᠠᠯ ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠪᠠᠶᠢᠳᠠᠯ ᠢ ᠨᠠᠷᠢᠨ ᠨᠢᠮᠪᠠᠢ ᠪᠠᠶᠢᠴᠠᠭᠠᠨ ᠦᠵᠡᠬᠦ ᠶᠢᠨ ᠬᠠᠮᠲᠤ ᠭᠤᠣᠯᠳᠠᠯᠭ᠎ᠠ ᠲᠠᠢ ᠬᠦᠴᠢᠷ ᠠᠰᠠᠭᠤᠳᠠᠯ ᠤᠨ ᠲᠤᠬᠠᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠲᠤᠬᠠᠢ ᠶᠢᠨ ᠲᠠᠯᠠᠪᠤᠷ ᠲᠤ ᠶᠠᠷᠢᠯᠴᠠᠨ ᠥᠢᠯᠠᠭᠠᠵᠤ᠂ ᠴᠡᠭᠴᠡᠯᠡᠨ ᠰᠠᠶᠢᠵᠢᠷᠠᠭᠤᠯᠬᠤ ᠪᠣᠳᠠᠲᠠᠢ ᠰᠠᠨᠠᠯ ᠪᠠ ᠱᠠᠭᠠᠷᠳᠠᠯᠭ᠎ᠠ ᠳᠤᠷᠠᠳᠴᠠᠢ ᠃
2_副本.jpg
         ᠰᠣᠶᠣᠯᠴᠡᠴᠡᠭ ᠂ ᠪᠣᠯᠪᠠᠰᠤᠨ ᠬᠤᠳᠠ ᠶᠢ ᠴᠣᠭᠴᠠᠯᠠᠨ ᠪᠠᠶᠢᠭᠤᠯᠬᠤ ᠠᠵᠢᠯ ᠪᠣᠯ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠪᠣᠯᠣᠨ᠎ᠠ ᠂ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ   ᠣᠯᠡᠮ ᠳᠡᠭᠡᠭᠰᠢᠯᠡᠭᠦᠯᠦᠨ᠂ ᠬᠤᠳᠠ ᠴᠣᠭᠴᠠᠯᠠᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ ᠂ ᠴᠣᠭᠴᠠᠯᠠᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠦᠨ᠂ ᠪᠣᠯᠪᠠᠰᠤᠨ ᠬᠤᠳᠠ ᠶᠢ ᠴᠣᠭᠴᠠᠯᠠᠨ ᠪᠠᠶᠢᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠲᠡᠰ ᠳᠡᠪᠰᠢᠬᠦ ᠶᠢ ᠠᠬᠢᠭᠤᠯᠵᠤ ᠂ ᠬᠤᠳᠠ  ᠴᠣᠭᠴᠠᠯᠠᠭᠰᠠᠨ ᠦᠷ᠎ᠡ ᠪᠦᠲᠦᠭᠡᠯ ᠢ ᠬᠥᠮᠥᠨ ᠪᠦᠬᠦᠨ ᠳᠤ ᠬᠠᠮᠲᠤᠪᠠᠷ ᠡᠳ᠋ᠯᠡᠭᠦᠯᠬᠦ ᠬᠡᠷᠡᠭᠲᠡᠢ ︔ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠨ᠂ ᠪᠣᠯᠪᠠᠰᠤᠨ ᠬᠤᠳᠠ ᠶᠢ ᠴᠣᠭᠴᠠᠯᠠᠨ ᠪᠠᠶᠢᠭᠤᠯᠬᠤ ᠪᠠᠷᠢᠮᠵᠢᠶ᠎ᠠ ᠪᠣᠯᠣᠨ ᠱᠠᠭᠠᠷᠳᠠᠯᠭ᠎ᠠ ᠲᠠᠢ ᠨᠢᠭᠲᠠ ᠬᠠᠷᠭᠤᠭᠤᠯᠵᠤ᠂ ᠴᠡᠭᠴᠡᠯᠡᠨ ᠵᠠᠰᠠᠬᠤ ᠶᠢ ᠴᠢᠩᠭᠠᠳᠬᠠᠨ᠂ ᠦᠨᠡᠨ ᠪᠣᠳᠠᠲᠠᠢ ᠰᠢᠨ᠎ᠡ ᠠᠷᠭ᠎ᠠ ᠠᠪᠴᠠᠯ ᠢ ᠡᠭᠦᠳᠴᠦ ᠂ ᠬᠤᠳᠠ ᠴᠣᠭᠴᠠᠯᠠᠨ ᠪᠠᠶᠢᠭᠤᠯᠬᠤ ᠠᠵᠢᠯ ᠤᠨ ᠲᠠᠰᠤᠷᠠᠯᠳᠡ ᠦᠭᠡᠢ ᠰᠢᠨ᠎ᠡ ᠦᠷ᠎ᠡ ᠪᠦᠲᠦᠮᠵᠢ ᠣᠯᠬᠤ ᠶᠢ ᠬᠠᠮᠲᠤᠪᠠᠷ ᠠᠬᠢᠭᠤᠯᠬᠤ ᠬᠡᠷᠡᠭᠲᠡᠢ ︔ ᠤᠬᠠᠭᠤᠯᠵᠤ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠥᠷᠭᠡᠨ ᠤᠯᠠᠨ ᠰᠠᠭᠤᠭᠠᠯᠢ ᠠᠷᠠᠳ ᠢ ᠲᠠᠶᠢᠴᠢᠯᠠᠨ ᠪᠣᠯᠪᠠᠰᠤᠨ ᠬᠤᠳᠠ ᠴᠣᠭᠴᠠᠯᠠᠨ ᠪᠠᠶᠢᠭᠤᠯᠬᠤ ᠳᠤ ᠣᠷᠤᠯᠴᠠᠬᠤ ᠰᠠᠨᠠᠭᠠᠴᠢᠯᠠᠭᠠᠲᠤ ᠴᠢᠨᠠᠷ ᠪᠠ ᠢᠳᠡᠪᠬᠢᠵᠢᠯ ᠢ ᠨᠢ ᠨᠡᠮᠡᠭᠳᠡᠭᠦᠯᠵᠦ ᠂ ᠠᠷᠠᠳ ᠤᠯᠠᠨ ᠤ ᠪᠣᠯᠪᠠᠰᠤᠨ ᠬᠤᠲᠠ ᠴᠣᠭᠴᠠᠯᠠᠨ ᠪᠠᠶᠢᠭᠤᠯᠬᠤ ᠲᠤᠬᠠᠢ ᠥᠢᠯᠠᠭᠠᠨ ᠮᠡᠳᠡᠬᠦ ᠨᠣᠷᠮ᠎ᠠ᠂ ᠣᠷᠤᠯᠴᠠᠯᠭ᠎ᠠ ᠶᠢᠨ ᠬᠡᠮᠵᠢᠶ᠎ᠡ ᠪᠠ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠦᠨ᠂ ᠬᠥᠮᠥᠨ ᠪᠦᠬᠦᠨ ᠣᠶᠢᠯᠠᠭᠠᠬᠤ ᠂ ᠬᠥᠮᠥᠨ ᠪᠦᠬᠦᠨ ᠬᠠᠯᠠᠮᠵᠢᠯᠠᠬᠤ ᠂ ᠬᠥᠮᠥᠨ ᠪᠦᠬᠦᠨ ᠣᠷᠤᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃
3_副本.jpg
         ᠳᠠᠷᠠᠭ᠎ᠠ ᠨᠢ ᠂ ᠰᠣᠶᠣᠯᠴᠡᠴᠡᠭ ᠨᠠᠷ ᠥᠪᠥᠷ ᠮᠣᠩᠭᠤᠯ ᠤᠨ ᠫᠢᠩᠵᠤᠸᠠᠩ ᠨᠡᠭᠦᠷᠡᠰᠦᠨ ᠤ ᠦᠢᠯᠡᠰ ︵ ᠪᠦᠯᠦᠭᠯᠡᠯ ︶᠎ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠵᠢᠷᠭᠤᠭᠠᠨ ᠨᠡᠭᠦᠷᠡᠰᠦᠨ ᠠᠭᠤᠷᠬᠠᠢ ᠳᠤ ᠬᠦᠷᠴᠦ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢ ᠪᠣᠯᠭᠤᠭᠠᠨ ᠦᠵᠡᠵᠦ ᠂ ᠭᠡᠰᠢᠭᠦᠳ ᠤᠨ ᠠᠵᠢᠯ ᠤᠨ ᠣᠷᠴᠢᠨ ᠲᠣᠭᠤᠷᠢᠨ ᠢ ᠥᠢᠯᠠᠭᠠᠨ᠂ ᠭᠡᠰᠢᠭᠦᠳ ᠤᠨ ᠰᠠᠨᠠᠯ ᠰᠠᠨᠠᠭᠤᠯᠭ᠎ᠠ ᠶᠢ ᠰᠣᠨᠣᠰᠴᠠᠢ ᠃ ᠰᠣᠶᠣᠯᠴᠡᠴᠡᠭ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠡᠮᠦᠨ᠎ᠡ ᠠᠴᠠ ᠭᠡᠰᠢᠭᠦᠳ ᠲᠤ ᠬᠠᠯᠠᠮᠵᠢᠯᠠᠯ ᠪᠣᠯᠣᠨ ᠮᠡᠨᠳᠦᠴᠢᠯᠡᠯ ᠳᠡᠪᠰᠢᠭᠦᠯᠦᠭᠰᠡᠨ ᠪᠦᠭᠡᠳ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯ ᠢᠷᠠᠭᠤ ᠠᠯᠳᠠᠷ ᠪᠣᠯᠬᠤ ᠪᠠᠷ ᠪᠠᠷᠠᠬᠤ ᠦᠭᠡᠢ ᠨᠡᠩ ᠴᠤ ᠬᠦᠨᠳᠦ ᠳᠠᠷᠬᠠᠨ ᠡᠭᠦᠷᠭᠡ ᠬᠠᠷᠢᠭᠤᠴᠠᠯᠭ᠎ᠠ ᠮᠥᠨ ᠂ ᠭᠡᠰᠢᠭᠦᠳ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ ᠂ ᠴᠢᠳᠠᠪᠤᠷᠢᠲᠠᠳ ᠬᠤᠷᠠᠨ ᠴᠤᠭᠯᠠᠷᠠᠭᠰᠠᠨ ᠂ ᠤᠶᠤᠨ ᠤᠬᠠᠭᠠᠨ ᠲᠥᠪᠯᠡᠷᠡᠭᠰᠡᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠨᠡᠶᠢᠭᠡᠮ ᠤᠨ ᠪᠠᠶᠢᠳᠠᠯ ᠪᠣᠯᠤᠨ ᠠᠷᠠᠳ ᠤᠨ ᠰᠠᠨᠠᠭ᠎ᠠ ᠶᠢ ᠥᠷᠭᠡᠨ ᠢᠶᠠᠷ ᠤᠶᠢᠯᠠᠭᠠᠵᠤ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠪᠣᠳᠤᠯᠭ᠎ᠠ ᠳᠡᠪᠰᠢᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠰᠢᠯᠢᠳᠡᠭ ᠴᠤᠭ ᠵᠢᠪᠬᠤᠭ᠎ᠠ ᠶᠢ ᠨᠡᠩ ᠢᠯᠡᠭᠦᠦ ᠢᠯᠡᠷᠡᠭᠦᠯᠦᠨ᠂ ᠣᠳᠣᠬᠢᠴᠢᠯᠠᠭᠰᠠᠨ ᠰᠠᠶᠢᠨ ᠰᠠᠶᠢᠬᠠᠨ ᠤᠯᠠᠭᠠᠨᠬᠠᠳᠠ ᠶᠢ ᠪᠦᠲᠦᠭᠡᠨ ᠪᠠᠶᠢᠭᠤᠯᠬᠤ ᠶᠢ ᠲᠥᠷᠭᠡᠳᠬᠡᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠃ ᠭᠡᠰᠢᠭᠦᠳ ᠤᠨ ᠪᠠᠶᠢᠭ᠎ᠠ ᠨᠢᠭᠡᠴᠢ ᠶᠢᠨ ᠬᠢᠨ ᠥᠩᠭᠡᠷᠡᠭᠰᠡᠨ ᠲᠠᠢ ᠪᠠᠨ ᠠᠳᠠᠯᠢ ᠪᠠᠷ ᠬᠠᠯᠠᠮᠵᠢᠯᠠᠨ᠂ ᠭᠡᠰᠢᠭᠦᠳ ᠤᠨ ᠬᠥᠭᠵᠢᠯᠲᠡ ᠶᠢ ᠭᠦᠨᠵᠡᠭᠡᠶᠢᠷᠡᠭᠦᠯᠬᠦ ᠶᠢ ᠬᠠᠪᠰᠤᠷᠴᠤ ᠂ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠨᠠᠷᠢᠨ ᠨᠢᠮᠪᠠᠢ ᠭᠦᠢᠴᠡᠳᠬᠡᠬᠦ ᠶᠢ ᠳᠡᠮᠵᠢᠨ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ ᠂ ᠪᠦᠯᠬᠦᠮᠳᠡᠯ ᠬᠠᠮᠲᠤᠷᠠᠯ ᠤᠨ ᠬᠦᠴᠦᠨ ᠢ ᠨᠡᠮᠡᠭᠳᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ ᠃  
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1