ᠶᠤᠸᠠᠨ ᠪᠦᠦ ᠱᠠᠨ ᠲᠣᠭᠤᠷᠢᠭ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠬᠢᠵᠢᠭ ᠤᠨ ᠪᠠᠶᠢᠳᠠᠯ ᠢ ᠪᠠᠶᠢᠩᠭᠤ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2022/7/18
     7 ᠳ᠋ᠤᠭᠠᠷ ᠰᠠᠷ᠎ᠠ ᠶᠢᠨ 12᠎ ᠤᠨ ᠡᠳᠦᠷ᠂ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠬᠢᠵᠢᠭ ᠤᠨ ᠪᠠᠶᠢᠳᠠᠯ ᠢ ᠪᠠᠶᠢᠩᠭᠤ ᠰᠡᠷᠭᠡᠶᠢᠯᠡᠨ ᠡᠵᠡᠮᠳᠡᠬᠦ ᠮᠡᠳᠡᠯᠭᠡ ᠶᠢᠨ  ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠤᠯᠠᠭᠠᠨᠬᠠᠳᠠ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠶᠤᠸᠠᠨ ᠪᠦᠦ ᠱᠠᠨ ᠲᠣᠭᠤᠷᠢᠭ ᠤᠨ ᠠᠩᠭᠢ᠂ ᠲᠣᠭᠤᠷᠢᠭ ᠤᠨ ᠵᠠᠰᠠᠮᠠᠯ ᠵᠠᠮ ᠤᠨ ᠬᠠᠮᠢᠶᠠᠷᠤᠯᠲᠠ ᠬᠠᠮᠠᠭᠠᠯᠠᠯᠲᠠ ᠪᠠ ᠲᠡᠭᠡᠭᠡᠪᠦᠷᠢ ᠶᠢᠨ ᠪᠠᠲᠤᠯᠠᠭ᠎ᠠ ᠶᠢᠨ ᠲᠥᠪ ᠂ ᠫᠢᠩᠵᠤᠸᠠᠩ ᠮᠠᠰᠢᠨ ᠲᠡᠷᠭᠡᠨ ᠤ ᠥᠷᠲᠡᠭᠡ ᠪᠠ ᠵᠥᠩ ᠳ᠋ᠡ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ ᠵᠡᠷᠭᠡ 10 ᠪᠠᠶᠢᠭᠤᠯᠭ᠎ᠠ ᠨᠢᠭᠡᠴᠢ᠂ ᠺᠣᠮᠫᠠᠨᠢ ᠶᠢᠨ ᠬᠠᠮᠢᠶ᠎ᠠ ᠪᠦᠬᠦᠢ ᠠᠵᠢᠯᠲᠠᠨ  ᠪᠣᠯᠪᠠᠰᠤᠷᠠᠯ ᠳᠤ ᠣᠷᠣᠯᠴᠠᠪᠠ᠃
1_副本.jpg
         ᠲᠤᠰ ᠤᠳᠠᠭᠠᠨ ᠤ ᠪᠣᠯᠪᠠᠰᠤᠷᠠᠯ ᠳᠤ ᠂ ᠤᠯᠠᠭᠠᠨᠬᠠᠳᠠ ᠬᠤᠲᠠ ᠶᠢᠨ ᠠᠮᠤᠷ ᠲᠦᠪᠰᠢᠨ ᠡᠷᠡᠭᠦᠯ ᠮᠡᠨᠳᠦ ᠶᠢᠨ ᠬᠥᠮᠦᠵᠢᠯ ᠤᠨ ᠠᠯᠪᠠᠨ ᠭᠡᠷ ᠤᠨ ᠯᠧᠺᠲ᠋ᠣᠷ ᠢ ᠤᠷᠢᠵᠤ᠂ ᠮᠡᠳᠡᠯᠭᠡ ᠲᠠᠶᠢᠯᠪᠤᠷᠢᠯᠠᠬᠤ᠂ ᠠᠬᠤᠢ ᠲᠠᠯᠠᠪᠤᠷ ᠲᠤ ᠵᠢᠱᠢᠶ᠎ᠡ ᠦᠵᠡᠭᠦᠯᠬᠦ᠂ ᠶᠠᠷᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠦᠰᠦᠪ ︵ᠶᠢᠰᠦᠳᠦᠭᠡᠷ ᠬᠡᠪ︶᠂ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠂ ᠲᠠᠯᠠᠪᠤᠷ ᠪᠣᠯᠤᠨ ᠵᠠᠮ ᠲᠡᠭᠡᠭᠡᠪᠦᠷᠢ ᠶᠢᠨ ᠪᠠᠭᠠᠵᠢ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠡᠪᠴᠢᠶ᠎ᠡ᠂ ᠲᠠᠰ ᠬᠤᠪᠢᠶᠠᠨ ᠰᠡᠷᠭᠡᠶᠢᠯᠡᠨ ᠡᠵᠡᠮᠳᠡᠬᠦ ᠵᠢᠯᠣᠭᠤᠳᠤᠮᠵᠢ ︵ᠨᠠᠢᠮᠠᠳᠤᠭᠠᠷ ᠬᠡᠪ︶᠂ ᠵᠣᠨ ᠤ ᠤᠯᠠᠷᠢᠯ ᠤᠨ ᠨᠠᠷᠠᠰᠢᠬᠤ ᠶᠢ ᠲᠦᠷᠭᠡᠨ  ᠠᠪᠤᠷᠠᠬᠤ ᠂ CPI ᠲᠦᠷᠭᠡᠨ ᠠᠪᠤᠷᠠᠬᠤ ᠂ ᠠᠵᠢᠯᠲᠠᠨ ᠠᠵᠢᠯᠴᠢᠨ ᠤ ᠰᠡᠳᠬᠢᠴᠡ ᠶᠢᠨ ᠡᠷᠡᠭᠦᠯ ᠮᠡᠨᠳᠦ ᠵᠡᠷᠭᠡ ᠠᠭᠤᠯᠭ᠎ᠠ ᠶᠢᠨ ᠲᠣᠭᠤᠷᠢᠨ ᠳᠤ ᠣᠯᠠᠨ ᠤ ᠮᠠᠳᠠᠭ ᠲᠠᠢ ᠠᠰᠠᠭᠤᠳᠠᠯ ᠢ ᠬᠠᠷᠢᠭᠤᠯᠤᠨ ᠦᠭᠴᠦ ᠂ ᠪᠣᠯᠪᠠᠰᠤᠷᠠᠯ ᠳᠤ ᠣᠷᠣᠯᠴᠠᠭᠰᠠᠳ ᠤᠨ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃
2_副本.jpg
         ᠲᠣᠰ ᠤᠳᠠᠭᠠᠨ ᠤ ᠪᠣᠯᠪᠠᠰᠤᠷᠠᠯ ᠨᠢ᠂ ᠪᠣᠯᠪᠠᠰᠤᠷᠠᠯ ᠳᠤ ᠣᠷᠣᠯᠴᠠᠭᠰᠠᠳ ᠢ ᠬᠠᠪᠰᠤᠷᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠬᠢᠵᠢᠭ ᠤᠨ ᠪᠠᠶᠢᠳᠠᠯ ᠢ ᠪᠠᠶᠢᠩᠭᠤ ᠰᠡᠷᠭᠡᠶᠢᠯᠡᠨ ᠡᠵᠡᠮᠳᠡᠬᠦ ᠶᠢᠨ ᠴᠢᠬᠤᠯᠠ ᠴᠢᠨᠠᠷ ᠤᠨ ᠲᠤᠬᠠᠢ ᠲᠠᠨᠢᠯᠲᠠ ᠶᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠬᠤᠢ ᠲᠠᠯᠠᠪᠤᠷ ᠲᠤ ᠠᠪᠤᠷᠠᠨ ᠲᠤᠰᠠᠯᠠᠬᠤ ᠪᠠ ᠥᠪᠡᠷ ᠢ ᠪᠠᠨ ᠠᠪᠤᠷᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠂ ᠠᠮᠤᠷ ᠲᠦᠪᠰᠢᠨ ᠡᠷᠡᠭᠦᠯ ᠮᠡᠨᠳᠦ ᠶᠢᠨ ᠮᠡᠳᠡᠯᠭᠡ ᠶᠢ ᠨᠠᠩ ᠭᠦᠨᠵᠡᠭᠡᠢ ᠣᠶᠢᠯᠠᠭᠠᠭᠤᠯᠵᠤ᠂ ᠮᠠᠨ ᠤ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠬᠢᠵᠢᠭ ᠤᠨ ᠪᠠᠶᠢᠳᠠᠯ ᠢ  ᠪᠠᠶᠢᠩᠭᠤ ᠰᠡᠷᠭᠡᠶᠢᠯᠡᠨ ᠡᠵᠡᠮᠳᠡᠬᠦ ᠠᠵᠢᠯ ᠳᠤ ᠮᠠᠰᠢ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃  
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1