ᠶᠤᠸᠠᠨ ᠪᠦᠦ ᠱᠠᠨ ᠲᠣᠭᠤᠷᠢᠭ 2022 ᠣᠨ ᠤ ᠠᠵᠤ ᠦᠢᠯᠡᠳᠪᠦᠷᠢ ᠠᠷᠠᠯᠵᠢᠶᠠᠨ ᠤ ᠠᠵᠢᠯ ᠲᠦᠷᠦᠯ ᠤᠨ ᠰᠫᠢᠷᠲ ᠯᠡᠪᠡᠷᠡᠬᠦ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠥᠷᠨᠢᠭᠦᠯᠪᠡ
ᠨᠡᠶᠢᠲᠡᠯᠡᠭᠰᠡᠨ ᠴᠠᠭ᠄
2022/7/19
     7 ᠰᠠᠷ᠎ᠠ ᠶᠢᠨ 12᠎ ᠤᠨ ᠡᠳᠦᠷ᠂ ᠶᠤᠸᠠᠨ ᠪᠦᠦ ᠱᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠎ ᠨᠢ ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠭᠠᠯ ᠤᠨᠲᠠᠷᠠᠭᠠᠵᠤ ᠭᠠᠯ ᠢ ᠰᠡᠷᠭᠡᠶᠢᠯᠡᠬᠦ ᠠᠪᠤᠷᠠᠨ ᠲᠤᠰᠠᠯᠠᠬᠤ ᠠᠩᠭᠢ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠤᠯᠠᠭᠠᠨᠬᠠᠳᠠ ᠶᠢᠨ ᠪᠦᠦ ᠱᠠᠨ ᠬᠢᠲᠠᠳ ᠡᠮᠨᠡᠯᠭᠡ ᠶᠢᠨ ᠬᠤᠷᠢᠶ᠎ᠠ᠂ ᠳ᠋ᠢ ᠰᠧ ᠮᠠᠨ ᠷᠦᠨ ᠪᠠᠩ ︵ᠥᠪᠥᠷ ᠮᠣᠩᠭᠤᠯ︶ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠎ ᠲᠠᠢ ᠬᠠᠮᠲᠤᠷᠠᠨ ᠶᠤᠸᠠᠨ ᠪᠦᠦ ᠱᠠᠨ ᠲᠣᠭᠤᠷᠢᠭ ᠤᠨ 2022 ᠣᠨ ᠤ ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠰᠫᠢᠷᠲ ᠯᠡᠪᠡᠷᠡᠬᠦ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠥᠷᠨᠢᠭᠦᠯᠪᠡ᠃
1_副本.jpg
2_副本.jpg
         ᠲᠣᠰ ᠤᠳᠠᠭᠠᠨ ᠤ ᠰᠣᠷᠢᠯᠲᠠ ᠳᠤ ᠂ ᠰᠫᠢᠷᠲ ᠤᠨ ᠰᠠᠪᠠ ᠶᠢᠨ ᠲᠣᠭᠤᠷᠢᠭ ᠤᠨ ᠪᠤᠴᠠᠯᠲᠠ ᠶᠢᠨ ᠬᠤᠭᠤᠯᠠᠢ ᠱᠤᠭᠤᠮ ᠤᠨ ᠵᠠᠯᠭᠠᠭᠤᠷ ᠱᠣᠷᠠᠭ ᠤᠨ ᠬᠡᠰᠡᠭ ᠲᠤ ᠰᠫᠢᠷᠲ ᠶᠡᠭᠡ ᠬᠡᠮᠵᠢᠶ᠎ᠡ ᠪᠠᠷ ᠯᠡᠪᠡᠷᠡᠭᠰᠡᠨ ᠳᠠᠭᠤᠷᠢᠶᠠᠯᠲᠠ ᠬᠢᠵᠦ᠂ ᠰᠫᠢᠷᠲ ᠤᠨ ᠬᠡᠢ ᠶᠢᠨ ᠳᠣᠬᠢᠶ᠎ᠠ ᠳᠤᠤᠭᠠᠷᠤᠨ ᠂ ᠲᠤᠬᠠᠢ ᠶᠢᠨ ᠲᠠᠯᠠᠪᠤᠷ ᠲᠤ ᠣᠷᠣᠬᠤ ᠶᠢᠨ ᠠᠷᠭ᠎ᠠ ᠦᠭᠡᠢ ᠪᠣᠯᠬᠤ ᠳᠤ᠂ ᠰᠫᠢᠷᠲ ᠯᠡᠪᠡᠷᠡᠭᠰᠡᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ ᠪᠡᠯᠡᠳᠬᠡᠯ ᠲᠦᠰᠦᠪ ᠢ ᠡᠬᠢᠯᠡᠭᠦᠯᠬᠦ ᠪᠠᠷ ᠲᠣᠭᠲᠠᠪᠠ᠃ ᠮᠡᠳᠡᠭᠦᠯᠦᠯᠲᠡ ᠶᠢ ᠲᠣᠰᠤᠮᠠᠭᠴᠠ᠂ ᠡᠯ᠎ᠡ ᠬᠤᠯᠪᠣᠭᠳᠠᠯ ᠪᠦᠬᠦᠢ ᠠᠪᠤᠷᠠᠨ ᠲᠤᠰᠠᠯᠠᠬᠤ ᠨᠢᠭᠡᠴᠢ ᠨᠦᠭᠦᠳ ᠪᠠᠴᠢᠮ ᠪᠠᠶᠢᠳᠠᠯ ᠢ ᠠᠷᠭᠠᠴᠠᠬᠤ ᠲᠦᠰᠦᠪ ᠪᠠ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠣᠰᠣᠭᠠᠷ ᠡᠮᠬᠢ ᠵᠢᠷᠤᠮ ᠲᠠᠢ ᠪᠠᠷ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢᠨ ᠬᠠᠮᠲᠤ ᠰᠣᠷᠢᠯᠲᠠ ᠶᠢᠨ ᠲᠦᠰᠦᠪ ᠶᠣᠰᠣᠭᠠᠷ ᠬᠥᠮᠥᠰ ᠢ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠰᠡᠷᠡᠮᠵᠢᠯᠡᠭᠦᠯᠬᠦ᠂ ᠴᠠᠬᠢᠯᠭᠠᠨ ᠡᠭᠦᠰᠬᠡᠭᠴᠢ ᠶᠢ ᠲᠠᠰᠤᠯᠬᠤ᠂ ᠲᠤᠰᠠᠭᠠᠷᠯᠠᠨ ᠰᠢᠩᠭᠡᠷᠡᠭᠦᠯᠬᠦ᠂ ᠪᠠᠴᠢᠮ ᠪᠠᠶᠢᠳᠠᠯ ᠢ ᠠᠷᠭᠠᠴᠠᠨ ᠳᠠᠷᠤᠢ ᠰᠡᠯᠪᠢᠨ ᠵᠠᠰᠠᠬᠤ᠂ ᠪᠠᠶᠢᠳᠠᠯ ᠢᠶᠠᠨ ᠬᠠᠷᠢᠭᠤ ᠮᠡᠳᠡᠭᠦᠯᠬᠦ ᠵᠡᠷᠭᠡ ᠠᠵᠢᠯ ᠢ ᠥᠷᠨᠢᠭᠦᠯᠪᠡ᠃ ᠡᠯ᠎ᠡ ᠨᠢᠭᠡᠴᠢ ᠶᠢᠨ ᠎ ᠬᠢᠨ ᠬᠦᠴᠦ ᠪᠠᠨ ᠬᠠᠮᠲᠤᠳᠬᠠᠨ ᠬᠠᠮᠵᠢᠯᠴᠠᠬᠤ ᠪᠠᠷ ᠳᠠᠮᠵᠢᠭᠠᠳ ᠡᠴᠦᠰ ᠲᠡᠭᠡᠨ ᠰᠣᠷᠢᠯᠲᠠ ᠶᠢᠨ ᠡᠭᠦᠷᠭᠡ ᠪᠠᠨ ᠲᠡᠭᠦᠰ ᠠᠮᠵᠢᠯᠲᠠ ᠎ ᠲᠠᠢ ᠪᠠᠷ ᠪᠡᠶᠡᠯᠡᠭᠦᠯᠵᠡᠢ᠃
3_副本.jpg
4_副本.jpg
         ᠲᠤᠰ ᠤᠳᠠᠭᠠᠨ ᠤ ᠰᠣᠷᠢᠯᠲᠠ ᠎ ᠨᠢ ᠶᠤᠸᠠᠨ ᠪᠦᠦ ᠱᠠᠨ ᠲᠣᠭᠤᠷᠢᠭ ᠤᠨ ᠠᠶᠤᠯᠲᠠᠢ ᠬᠢᠮᠢ ᠶᠢᠨ ᠪᠣᠳᠠᠰ ᠯᠡᠪᠡᠷᠡᠬᠦ ᠭᠡᠨᠡᠳᠲᠡ ᠶᠢᠨ ᠠᠳᠡᠯ ᠢ ᠠᠷᠭᠠᠴᠠᠬᠤ ᠦᠶ᠎ᠡ ᠶᠢᠨ ᠪᠠᠴᠢᠮ ᠪᠠᠶᠢᠳᠠᠯ ᠢ ᠠᠷᠭᠠᠴᠠᠬᠤ ᠬᠠᠷᠢᠭᠤ ᠳᠤᠰᠬᠠᠯ᠂ ᠪᠠᠴᠢᠮ ᠪᠠᠶᠢᠳᠠᠯ ᠢ ᠠᠷᠭᠠᠴᠠᠬᠤ ᠰᠢᠢᠳᠪᠦᠷᠢᠯᠡᠬᠦ ᠴᠢᠳᠠᠪᠤᠷᠢ᠂ ᠬᠠᠮᠵᠢᠯᠴᠠᠨ ᠠᠵᠢᠯᠯᠠᠬᠤ ᠴᠢᠳᠠᠪᠤᠷᠢ ᠶᠢ ᠭᠦᠢᠴᠡᠳ ᠰᠢᠯᠭᠠᠨ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠪ ᠤᠨ ᠰᠢᠨᠵᠢᠯᠡᠬᠦ ᠤᠬᠠᠭᠠᠨᠴᠢ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠰᠢᠯᠭᠠᠨ ᠨᠤᠲᠠᠯᠠᠵᠤ᠂ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠡᠷᠬᠢᠮ ᠨᠠᠨᠳᠢᠨ ᠦᠢᠯᠡᠳᠦᠯᠭᠡ ᠶᠢᠨ ᠲᠤᠷᠰᠢᠯᠭ᠎ᠠ ᠶᠢ ᠬᠤᠷᠠᠮᠳᠤᠭᠤᠯᠤᠨ᠂ ᠪᠥᠬᠦ ᠲᠣᠭᠤᠷᠢᠭ ᠤᠨ ᠥᠷᠭᠡᠨ ᠣᠯᠠᠨ ᠺᠠᠳ᠋ᠷ ᠠᠵᠢᠯᠲᠠᠨ ᠪᠠ ᠠᠵᠤ ᠠᠬᠤᠶᠢᠯᠠᠯ ᠤᠨ ᠠᠵᠢᠯᠲᠠᠨ ᠤ ᠠᠮᠤᠷ ᠲᠦᠪᠰᠢᠨ ᠤ ᠤᠬᠠᠮᠰᠠᠷ᠂ ᠰᠡᠷᠭᠡᠶᠢᠯᠡᠯᠲᠡ ᠶᠢᠨ ᠤᠬᠠᠮᠰᠠᠷ ᠪᠠ ᠬᠠᠷᠢᠭᠤᠴᠠᠯᠭᠠᠲᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1