ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠦ ᠬᠤᠷᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠢᠰᠦᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠡᠬᠢᠯᠡᠪᠡ
ᠨᠡᠶᠢᠲᠡᠯᠡᠭᠰᠡᠨ ᠴᠠᠭ᠄
2022/7/21
      ᠸᠠᠨ ᠧ ᠰᠢᠶᠠᠩ ᠪᠠᠶᠠᠷ ᠤᠨ ᠵᠠᠬᠢᠳᠠᠯ ᠢᠷᠡᠭᠦᠯᠵᠡᠢ     7 ᠰᠠᠷ᠎ᠠ ᠶᠢᠨ 3᠎ ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠦ ᠬᠤᠷᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠢᠰᠦᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠬᠥᠬᠡᠬᠤᠲᠠ ᠳᠤ ᠡᠬᠢᠯᠡᠪᠡ᠃     ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ᠂ ᠭᠤᠮᠢᠨᠳᠠᠩ ᠤᠨ ᠬᠤᠪᠢᠰᠬᠠᠯᠲᠦ ᠬᠤᠷᠢᠶ᠎ᠠ ᠶᠢᠨ ᠲᠥᠪ ᠬᠤᠷᠢᠶ᠎ᠠ ᠶᠢᠨ ᠲᠡᠷᠢᠭᠦᠯᠡᠭᠴᠢ ᠸᠠᠨ ᠧ ᠰᠢᠶᠠᠩ ᠪᠠᠶᠠᠷ ᠤᠨ ᠵᠠᠬᠢᠳᠠᠯ ᠢᠷᠡᠭᠦᠯᠵᠡᠶ᠃ ᠭᠤᠮᠢᠨᠳᠠᠩ ᠤᠨ ᠬᠤᠪᠢᠰᠬᠠᠯᠲᠦ ᠬᠤᠷᠢᠶ᠎ᠠ ᠶᠢᠨ ᠲᠥᠪ ᠬᠤᠷᠢᠶ᠎ᠠ ᠶᠢᠨ ᠲᠤᠰᠬᠠᠢ ᠲᠤᠰᠢᠶᠠᠯᠳᠦ ᠳᠡᠳ᠋ ᠲᠡᠷᠢᠭᠦᠯᠡᠭᠴᠢ ᠵᠠᠩ ᠪᠥᠸᠧ ᠵᠢᠶᠦ᠋ᠨ ᠭᠤᠮᠢᠨᠳᠠᠩ ᠤᠨ ᠬᠤᠪᠢᠰᠬᠠᠯᠲᠦ ᠬᠤᠷᠢᠶ᠎ᠠ ᠶᠢᠨ ᠲᠥᠪ ᠬᠤᠷᠢᠶ᠎ᠠ ᠶᠢ ᠲᠥᠯᠥᠭᠡᠯᠡᠨ ᠬᠤᠷᠠᠯ ᠳᠤ ᠣᠷᠣᠯᠴᠠᠨ ᠪᠠᠶᠠᠷ ᠬᠦᠷᠭᠡᠭᠰᠡᠨ ᠪᠥᠭᠡᠳ ᠪᠠᠶᠠᠷ ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢ ᠲᠥᠯᠥᠭᠡᠯᠡᠨ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ︽9 · 3︾᠎ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠬᠢᠯᠡᠭᠴᠢ ᠭᠡᠰᠢᠭᠦᠨ ᠯᠢᠦ ᠰᠢᠨ ᠯᠧ ᠥᠪᠡᠷᠲᠡᠭᠡᠨ ᠵᠠᠰᠠᠬᠤ ᠣᠷᠣᠨ ᠤ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢ ᠲᠥᠯᠥᠭᠡᠯᠡᠨ ᠪᠠᠶᠠᠷ ᠤᠨ ᠦᠭᠡ ᠬᠡᠯᠡᠵᠡᠢ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠾᠧ ᠶᠠᠨ ᠯᠢᠩ᠂ ᠠᠶ ᠯᠢ ᠬᠤᠸᠠ᠂ ᠯᠦᠸᠧ ᡁᠢ ᠬᠣ᠋ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠶ᠃     ᠸᠠᠨ ᠧ ᠰᠢᠶᠠᠩ ᠪᠠᠶᠠᠷ ᠤᠨ ᠵᠠᠬᠢᠳᠠᠯ ᠳᠠᠭᠠᠨ᠂ ᠭᠤᠮᠢᠨᠳᠠᠩ ᠤᠨ ᠬᠤᠪᠢᠰᠬᠠᠯᠳᠤ ᠬᠤᠷᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠲᠣᠰ ᠤᠳᠠᠭ᠎ᠠ ᠶᠢᠨ ᠶᠡᠭᠡ ᠬᠤᠷᠠᠯ ᠢᠶᠠᠷ ᠰᠢᠨ᠎ᠡ ᠭᠠᠷᠤᠭ᠎ᠠ ᠪᠣᠯᠭᠠᠵᠤ᠂ ᠤᠯᠤᠰ ᠲᠥᠷᠥ ᠶᠢᠨ ᠵᠤᠯᠭᠠᠯᠴᠠᠭ᠎ᠠ ᠪᠠᠨ ᠭᠦᠨᠵᠡᠭᠡᠶᠢᠷᠡᠭᠦᠯᠵᠦ᠂ ᠤᠯᠤᠰ ᠲᠥᠷᠥ ᠶᠢᠨ ᠬᠠᠮᠲᠤ ᠶᠢᠨ ᠲᠠᠨᠢᠯᠲᠠ ᠶᠢ ᠪᠠᠬᠢᠵᠢᠭᠦᠯᠵᠦ᠂ ᠰᠢᠯᠢᠳᠡᠭ ᠤᠯᠠᠮᠵᠢᠯᠠᠯ ᠢᠶᠠᠨ ᠵᠠᠯᠭᠠᠮᠵᠢᠯᠠᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢᠶᠠᠨ ᠨᠢᠭᠲᠠᠷᠠᠭᠤᠯᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠳᠤ ᠲᠣᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠲᠤᠰᠢᠶᠠᠯ ᠢᠶᠠᠨ ᠭᠦᠶ᠋ᠴᠡᠳᠭᠡᠬᠦ ᠲᠦᠪᠰᠢᠨ ᠢᠶᠠᠨ ᠳᠡᠭᠡᠭᠰᠢᠯᠡᠭᠦᠯᠵᠦ᠂ ᠭᠤᠮᠢᠨᠳᠠᠩ ᠤᠨ ᠬᠤᠪᠢᠰᠬᠠᠯᠳᠤ ᠬᠤᠷᠢᠶ᠎ᠠ ᠶᠢᠨ ᠣᠶᠤᠨ ᠤᠬᠠᠭᠠᠨ ᠪᠠ ᠬᠦᠴᠦᠨ ᠴᠢᠳᠠᠯ ᠢ ᠢᠳᠡᠪᠬᠢᠲᠡᠶ ᠡᠷᠭᠦᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠶᠢᠨ ᠵᠥᠪᠯᠡᠭᠴᠢ᠂ ᠰᠠᠶᠢᠨ ᠬᠠᠪᠰᠤᠷᠤᠭᠴᠢ᠂ ᠰᠠᠶᠢᠨ ᠬᠠᠮᠲᠤ ᠠᠵᠢᠯᠯᠠᠭᠴᠢ ᠪᠣᠯᠵᠣ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠰᠢᠨ᠎ᠡ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠪᠡ᠃     ᠵᠠᠩ ᠪᠥᠸᠧ ᠵᠢᠶᠦ᠋ᠨ ᠪᠠᠶᠠᠷ ᠤᠨ ᠦᠭᠡ ᠳᠡᠭᠡᠨ᠂ ᠭᠤᠮᠢᠨᠳᠠᠩ ᠤᠨ ᠬᠤᠪᠢᠰᠬᠠᠯᠳᠤ ᠬᠤᠷᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠶᠢᠭᠤᠯᠤᠮᠵᠢ ᠭᠤᠮᠢᠨᠳᠠᠩ ᠤᠨ ᠬᠤᠪᠢᠰᠬᠠᠯᠳᠤ ᠬᠤᠷᠢᠶ᠎ᠠ ᠶᠢᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ᠂ ᠬᠠᠷᠢᠭᠤᠴᠠᠯᠭᠠᠲᠤ ᠰᠡᠳᠭᠢᠯᠭᠡ ᠪᠣᠯᠤᠨ ᠡᠭᠦᠷᠭᠡᠲᠦ ᠰᠡᠳᠭᠢᠯᠭᠡ ᠪᠠᠨ ᠲᠠᠰᠤᠷᠠᠯᠲᠠ ᠥᠬᠡᠶ ᠴᠢᠩᠭᠠᠳᠬᠠᠵᠤ᠂ ︽ᠲᠠᠪᠤᠨ ᠵᠦᠶ᠋ᠯ ᠤᠨ ᠴᠢᠳᠠᠪᠤᠷᠢ︾᠎ ᠶᠢᠨ ᠪᠠᠶᠢᠭᠤᠯᠤᠯᠲᠠ ᠪᠠᠨ ᠶᠡᠭᠡ ᠪᠠᠷ ᠴᠢᠩᠭᠠᠳᠬᠠᠵᠤ᠂ ᠤᠳᠤᠷᠢᠳᠬᠤ ᠪᠠᠭ ᠤᠨ ᠬᠠᠮᠲᠤᠷᠠᠯ ᠬᠦᠴᠦᠨ ᠢᠶᠠᠨ ᠭᠦᠶ᠋ᠴᠡᠳ ᠪᠠᠳᠠᠷᠠᠭᠤᠯᠵᠤ᠂ ᠥᠷᠭᠡᠨ ᠣᠯᠠᠨ ᠭᠤᠮᠢᠨᠳᠠᠩ ᠤᠨ ᠬᠤᠪᠢᠰᠬᠠᠯᠳᠤ ᠬᠤᠷᠢᠶ᠎ᠠ ᠶᠢᠨ ᠨᠠᠮ ᠤᠨ ᠭᠡᠰᠢᠭᠦᠨ ᠢ ᠪᠦᠯᠬᠦᠮᠳᠡᠭᠦᠯᠦᠨ ᠳᠠᠭᠠᠭᠤᠯᠵᠤ᠂ ᠥᠪᠥᠷ ᠮᠣᠩᠭᠤᠯ ᠤᠨ ᠭᠤᠮᠢᠨᠳᠠᠩ ᠤᠨ ᠬᠤᠪᠢᠰᠬᠠᠯᠳᠤ ᠬᠤᠷᠢᠶ᠎ᠠ ᠶᠢᠨ ᠡᠯ᠎ᠡ ᠵᠦᠶ᠋ᠯ ᠤᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠭᠤᠮᠢᠨᠳᠠᠩ ᠤᠨ ᠬᠤᠪᠢᠰᠬᠠᠯᠳᠤ ᠬᠤᠷᠢᠶ᠎ᠠ ᠪᠣᠯᠤᠨ ᠣᠯᠠᠨ ᠨᠠᠮ ᠬᠠᠮᠲᠤᠷᠠᠨ ᠠᠵᠢᠯᠯᠠᠬᠤ ᠦᠶ᠋ᠯᠡᠰ ᠲᠤ ᠳᠠᠬᠢᠨ ᠰᠢᠨ᠎ᠡ ᠭᠠᠪᠢᠶ᠎ᠠ ᠪᠠᠶᠢᠭᠤᠯᠬᠤ ᠶᠢ ᠬᠦᠰᠡᠪᠡ᠃     ᠬᠦᠦᠳᠠᠭᠤᠯᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠮᠦᠨ᠎ᠡ ᠠᠴᠠ ᠭᠤᠮᠢᠨᠳᠠᠩ ᠤᠨ ᠬᠤᠪᠢᠰᠬᠠᠯᠳᠤ ᠬᠤᠷᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠢᠰᠦᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ᠂ ᠥᠩᠭᠡᠷᠡᠭᠰᠡᠨ ᠲᠠᠪᠤᠨ ᠵᠢᠯ ᠤᠨ ᠭᠤᠮᠢᠨᠳᠠᠩ ᠤᠨ ᠬᠤᠪᠢᠰᠬᠠᠯᠳᠤ ᠬᠤᠷᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠯ᠎ᠡ ᠵᠦᠶ᠋ᠯ ᠤᠨ ᠠᠵᠢᠯ ᠳᠤ ᠣᠯᠤᠭᠰᠠᠨ ᠠᠮᠵᠢᠯᠲᠠ ᠶᠢ ᠭᠦᠶ᠋ᠴᠡᠳ ᠨᠤᠲᠠᠯᠠᠪᠠ᠃ ᠭᠤᠮᠢᠨᠳᠠᠩ ᠤᠨ ᠬᠤᠪᠢᠰᠬᠠᠯᠳᠤ ᠬᠤᠷᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠠᠮᠲᠤᠷᠠᠨ ᠠᠵᠢᠯᠯᠠᠬᠤ ᠤᠭ ᠰᠠᠨᠠᠭ᠎ᠠ ᠪᠠᠨ ᠦᠯᠦ ᠮᠠᠷᠲᠠᠨ᠂ ᠤᠯᠤᠰ ᠲᠦᠷᠦ ᠶᠢᠨ ᠵᠤᠯᠭᠠᠯᠴᠠᠭ᠎ᠠ ᠪᠠᠨ ᠭᠦᠨᠵᠡᠭᠡᠶᠢᠷᠡᠭᠦᠯᠵᠦ᠂ ︽ᠲᠠᠪᠤᠨ ᠵᠦᠢᠯ ᠤᠨ ᠴᠢᠳᠠᠪᠤᠷᠢ︾᠎ ᠪᠠᠨ ᠲᠠᠰᠤᠷᠠᠯᠳᠠ ᠦᠭᠡᠢ ᠳᠡᠭᠡᠭᠰᠢᠯᠡᠭᠦᠯᠦᠨ᠂ ᠰᠡᠳᠭᠢᠯ ᠢᠶᠠᠨ ᠨᠢᠭᠡᠳᠭᠡᠨ ᠬᠦᠴᠦ ᠪᠠᠨ ᠬᠠᠮᠲᠤᠳᠬᠠᠵᠤ᠂ ᠪᠣᠳᠠᠲᠠᠢ ᠶᠢ ᠡᠷᠬᠢᠮᠯᠡᠨ ᠤᠷᠤᠭᠰᠢᠯᠠᠨ ᠲᠠᠪᠰᠢᠵᠦ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠵᠦ᠂ ᠪᠣᠳᠠᠲᠤ ᠠᠵᠢᠯᠯᠠᠭ᠎ᠠ ᠪᠠ ᠰᠢᠯᠢᠳᠡᠭ ᠬᠢᠷᠢ ᠪᠦᠲᠦᠮᠵᠢ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠶᠢ ᠬᠦᠰᠡᠪᠡ᠃     ᠡᠬᠢᠯᠡᠯᠲᠡ ᠶᠢᠨ ᠶᠣᠰᠣᠯᠠᠯ ᠳᠡᠭᠡᠷ᠎ᠡ᠂ ᠪᠠᠢ ᠴᠢᠩ ᠶᠤᠸᠠᠨ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠢᠮᠠᠳᠤᠭᠠᠷ ᠬᠤᠭᠤᠴᠠᠭᠠᠨ ᠤ ᠬᠤᠷᠢᠶ᠎ᠠ ᠶᠢ ᠲᠥᠯᠥᠭᠡᠯᠡᠨ ᠠᠵᠢᠯ ᠤᠨ ᠮᠡᠳᠡᠭᠦᠯᠦᠯᠲᠡ ᠬᠢᠵᠠᠢ᠃     
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1