| | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ | ᠤᠷᠤᠨ ᠤᠶᠢᠷ᠎ᠠ ᠶᠢᠨ ᠬᠤᠭᠤᠴᠠᠭᠠᠨ ᠤ ᠭᠠᠩ ᠬᠠᠭᠰᠠᠷᠠᠭᠠᠨ ᠤ ᠪᠠᠶᠢᠳᠠᠯ ᠢ ᠦᠨᠳᠦᠰᠦᠯᠡᠨ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠦᠶ᠋ᠯᠡᠳᠦᠯ ᠢ ᠪᠠᠳᠠᠷᠠᠭᠤᠯᠵᠤ᠂ ᠮᠠᠯᠴᠢᠨ ᠲᠠᠷᠢᠶᠠᠴᠢᠨ ᠤ ᠦᠢᠯᠡᠳᠪᠤᠷᠢᠯᠡᠯ | ᠠᠮᠢᠳᠤᠷᠠᠯ ᠳᠤ ᠬᠡᠷᠡᠭᠯᠡᠬᠦ ᠤᠰᠤ ᠶᠢ ᠬᠦᠴᠦᠯᠡᠨ ᠪᠠᠲᠤᠯᠠᠵᠤ ᠪᠠᠶᠢᠨ᠎ᠠ᠃ | ᠪᠦᠷᠢᠳᠬᠡᠯ ᠳᠤ ᠦᠨᠳᠦᠰᠦᠯᠡᠪᠡᠯ᠂ ᠣᠲᠣᠬᠠᠨ ᠳᠤ ᠪᠥᠬᠦ ᠣᠷᠣᠨ ᠤ ᠭᠠᠩ ᠬᠠᠭᠰᠠᠷᠠᠭᠠᠨ ᠳᠤ | ᠳᠠᠭᠠᠷᠢᠭᠳᠠᠭᠰᠠᠨ ᠲᠠᠷᠢᠮᠠᠯ ᠤᠨ ᠲᠠᠯᠠᠪᠠᠢ 996.18 ᠲᠦᠮᠡᠨ ᠮᠥ ᠪᠤᠢ᠂ ᠡᠭᠦᠨ ᠳᠤ 203 ᠲᠦᠮᠡᠨ ᠮᠥ ᠲᠠᠷᠢᠮᠡᠯ | ᠬᠦᠨᠳᠦ ᠶᠡᠭᠡ ᠭᠠᠩ ᠬᠠᠭᠰᠠᠷᠠᠭᠠᠨ ᠳᠤ ᠳᠠᠭᠠᠷᠢᠭᠳᠠᠨ᠂ 404.8 ᠲᠦᠮᠡᠨ ᠮᠥ ᠲᠠᠷᠢᠮᠡᠯ ᠳᠤᠮᠳᠠ ᠵᠡᠷᠭᠡ ᠶᠢᠨ ᠭᠠᠩ | ᠬᠠᠭᠰᠠᠷᠠᠭᠠᠨ ᠳᠤ ᠳᠠᠭᠠᠷᠢᠭᠳᠠᠪᠠ᠃ ᠮᠠᠯᠵᠢᠬᠤ ᠣᠷᠣᠨ ᠤ 3.56 ᠳ᠋ᠦᠩᠰᠢᠭᠤᠷ ᠮᠥ ᠨᠤᠲᠤᠭ ᠪᠡᠯᠴᠢᠭᠡᠷ ᠭᠠᠩ | ᠬᠠᠭᠰᠠᠷᠠᠭᠠᠨ ᠳᠤ ᠳᠠᠭᠠᠷᠢᠭᠳᠠᠵᠤ᠂ ᠡᠬᠦᠨ ᠳᠤ 70% ᠶᠢᠨ ᠪᠡᠯᠴᠢᠭᠡᠷ ᠨᠣᠭᠤᠭᠠᠷᠠᠭᠠᠳᠤᠢ᠂ ᠣᠷᠳᠣᠰ ᠬᠤᠲᠠ ᠶᠢᠨ | 8000 ᠭᠠᠷᠤᠶ ᠲᠦᠮᠡᠨ ᠮᠥ ᠨᠤᠳᠤᠭ ᠪᠡᠯᠴᠢᠭᠡᠷ ᠤᠨ 90% ᠨᠢ ᠨᠣᠭᠤᠭᠠᠷᠠᠭᠠᠳᠤᠢ ᠪᠠᠶᠢᠭᠰᠠᠭᠠᠷ᠃ ᠪᠥᠬᠦ | ᠣᠷᠣᠨ ᠳᠤ 8.14 ᠲᠦᠮᠡᠨ ᠬᠥᠮᠦᠨ ᠪᠠ 108.64 ᠲᠦᠮᠡᠨ ᠮᠠᠯ ᠤᠨ ᠤᠤᠭᠤᠬᠤ ᠤᠰᠤ ᠨᠦᠯᠦᠬᠡᠯᠡᠭᠳᠡᠵᠦ᠂ 2 | ᠲᠦᠮᠡ ᠰᠢᠬᠠᠮ ᠬᠥᠮᠦᠨ ᠬᠤᠯᠠ ᠠᠴᠠ ᠤᠰᠤ ᠲᠠᠬᠡᠬᠡᠵᠤ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠴᠠᠭ ᠲᠤᠬᠠᠶ ᠳᠤᠨᠢ ᠲᠤᠰᠬᠠᠶ | ᠠᠵᠢᠯ ᠤᠨ ᠳᠤᠭᠤᠶᠢᠯᠠᠩ ᠪᠠᠶᠢᠭᠤᠯᠵᠤ ᠭᠠᠩ ᠬᠠᠭᠰᠠᠷᠠᠭᠠᠨ ᠳᠤ ᠬᠦᠨᠳᠤ ᠨᠤᠴᠢᠲᠠᠢ ᠳᠠᠭᠠᠷᠢᠭᠳᠠᠭᠰᠠᠨ ᠠᠶᠢᠮᠠᠭ | ᠬᠤᠲᠠ ᠳᠤ ᠬᠦᠷᠴᠦ ᠭᠠᠩ ᠬᠠᠭᠰᠠᠷᠠᠭᠠᠨ ᠲᠠᠢ ᠲᠡᠮᠡᠴᠡᠵᠤ ᠪᠠᠴᠢᠮ ᠪᠠᠶᠢᠳᠠᠯ ᠢ ᠠᠷᠭᠠᠴᠠᠭᠠᠬᠤ ᠤᠰᠤᠨ | ᠰᠤᠷᠪᠤᠯᠵᠢ ᠶᠢᠨ ᠢᠨᠵᠧᠨᠧᠷᠢᠩ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ | ᠢᠨᠵᠧᠨᠧᠷᠢᠩ ᠵᠡᠷᠭᠡ ᠭᠠᠩ ᠬᠠᠭᠰᠠᠷᠠᠭᠠᠨ ᠲᠠᠢ ᠲᠡᠮᠡᠴᠡᠬᠦ ᠲᠥᠬᠦᠭᠡᠷᠦᠮᠵᠢ ᠶᠢᠨ ᠠᠶᠤᠯ ᠲᠦᠭᠰᠢᠭᠦᠷᠢ ᠬᠡᠮ ᠰᠣᠭᠤᠭ ᠢ | ᠵᠢᠭᠰᠠᠭᠠᠨ ᠪᠠᠶᠢᠴᠠᠭᠠᠵᠤ᠂ ᠣᠷᠣᠨ ᠨᠤᠲᠤᠭ ᠤᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠵᠢᠯᠣᠭᠤᠳᠪᠠ᠃ | ᠬᠠᠮᠢᠶ᠎ᠠ ᠪᠦᠬᠦᠢ ᠭᠠᠵᠠᠷ ᠤᠨ ᠬᠢᠨ ᠭᠠᠩ ᠬᠠᠭᠰᠠᠷᠠᠭᠠᠨ ᠲᠠᠢ ᠲᠡᠮᠡᠴᠡᠬᠦ Ⅳ ᠲᠠᠰ ᠤᠨ ᠪᠠᠴᠢᠮ ᠪᠠᠶᠢᠳᠠᠯ ᠢ | ᠠᠷᠭᠠᠴᠠᠭᠠᠬᠤ ᠲᠥᠰᠦᠯ ᠢ ᠵᠠᠯᠭᠠᠭ᠎ᠠ ᠪᠠᠷ ᠡᠬᠢᠯᠡᠭᠦᠯᠵᠦ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ | ᠬᠠᠮᠢᠶᠠᠷᠤᠯᠲᠠ ᠶᠢ ᠴᠢᠩᠭᠠᠳᠬᠠᠨ᠂ ᠤᠳᠠᠭ᠎ᠠ ᠪᠦᠷᠢ ᠶᠢᠨ ᠪᠤᠷᠤᠭᠠᠨ ᠤᠷᠤᠬᠤ ᠶᠠᠪᠤᠴᠠ ᠶᠢ ᠠᠮᠵᠢᠭᠤᠯᠤᠨ ᠤᠰᠤᠨ ᠤ | ᠬᠠᠳᠠᠭᠠᠯᠠᠭᠳᠠᠴᠠ ᠶᠢ ᠴᠢᠷᠮᠠᠶᠢᠨ ᠨᠡᠮᠡᠭᠳᠡᠭᠦᠯᠬᠦ ᠶᠢᠨ ᠬᠠᠮᠲᠤ ᠤᠰᠤᠨ ᠠᠰᠢᠭᠯᠠᠯᠲᠠ ᠶᠢᠨ ᠢᠨᠵᠧᠨᠧᠷᠢᠩ ᠢ | ᠰᠢᠯᠢᠳᠡᠭᠵᠢᠭᠦᠯᠦᠨ ᠲᠣᠬᠢᠷᠠᠭᠤᠯᠵᠤ᠂ ᠬᠦᠮᠦᠨ ᠮᠠᠯ ᠤᠨ ᠤᠤᠭᠤᠬᠤ ᠤᠰᠤ ᠪᠠ ᠮᠠᠯ ᠠᠵᠤ ᠠᠬᠤᠶ ᠲᠠᠷᠢᠶᠠᠯᠠᠩ ᠤᠨ | ᠦᠢᠯᠡᠳᠪᠦᠷᠢᠯᠡᠯ ᠳᠤ ᠬᠡᠷᠡᠭᠯᠡᠬᠦ ᠤᠰᠤ ᠶᠢ ᠡᠩ ᠲᠡᠷᠢᠬᠦᠨ ᠳᠤ ᠬᠠᠨᠭ᠍ᠭᠠᠵᠤ ᠪᠠᠶᠢᠨ᠎ᠠ᠃ | ᠤᠶᠢᠯᠠᠭᠠᠭᠰᠠᠨ ᠢᠶᠠᠷ᠂ ᠣᠳᠣᠬᠠᠨ ᠪᠣᠯᠲᠠᠯ᠎ᠠ ᠬᠠᠮᠢᠶ᠎ᠠ ᠪᠦᠬᠦᠢ ᠭᠠᠵᠠᠷ ᠤᠨ ᠤᠰᠤᠨ ᠠᠰᠢᠭᠯᠠᠯᠲᠠ ᠶᠢᠨ ᠰᠠᠯᠠᠭ᠎ᠠ | ᠮᠥᠴᠢᠷ ᠤᠨ ᠬᠢᠨ ᠡᠯ᠎ᠡ ᠲᠥᠷᠥᠯ ᠤᠨ ᠤᠰᠤ ᠬᠠᠩᠭᠠᠬᠤ ᠢᠨᠵᠧᠨᠧᠷᠢᠩ ᠢ 1500 ᠭᠠᠷᠤᠶ ᠰᠡᠯᠪᠢᠨ ᠵᠠᠰᠠᠵᠤ᠂ | ᠭᠠᠩ ᠬᠠᠭᠰᠠᠷᠠᠭᠠᠨ ᠲᠠᠢ ᠲᠡᠮᠡᠴᠡᠬᠦ ᠤᠰᠤᠨ ᠰᠤᠷᠪᠤᠯᠵᠢ ᠶᠢᠨ ᠢᠨᠵᠧᠨᠧᠷᠢᠩ ᠢ 900 ᠭᠠᠷᠤᠶ ᠰᠢᠨ᠎ᠡ ᠪᠠᠷ ᠪᠦᠳᠦᠬᠡᠨ | ᠪᠠᠶᠢᠭᠤᠯᠤᠭᠰᠠᠨ ᠪᠤᠶᠤ ᠥᠭᠡᠷᠡᠴᠢᠯᠡᠨ ᠪᠠᠶᠢᠭᠤᠯᠪᠠ᠃ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠡᠳ᠋ ᠤᠨ | ᠵᠠᠰᠠᠭ ᠭᠠᠩ ᠬᠠᠭᠰᠠᠷᠠᠭᠠᠨ ᠲᠠᠢ ᠲᠡᠮᠡᠴᠡᠬᠦ ᠪᠡᠯᠡ ᠮᠥᠩᠭᠦ ᠶᠢ ᠨᠡᠶᠢᠲᠡ 2 ᠳ᠋ᠦᠩᠰᠢᠭᠤᠷ ᠭᠠᠷᠤᠢ ᠲᠥᠭᠦᠷᠢᠭ | ᠴᠤᠭᠯᠠᠭᠤᠯᠵᠤ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠣᠶᠢᠷ᠎ᠠ ᠶᠢᠨ | ᠬᠤᠭᠤᠴᠠᠭᠠᠨ ᠳᠤ 1 ᠳ᠋ᠦᠩᠰᠢᠭᠤᠷ ᠲᠥᠭᠦᠷᠢᠭ ᠪᠠᠭᠤᠯᠭᠠᠨ ᠳᠤᠮᠳᠠ ᠪᠠ ᠪᠠᠷᠠᠭᠤᠨ ᠪᠡᠶ᠎ᠠ ᠶᠢᠨ ᠭᠠᠵᠠᠷ ᠣᠷᠣᠨ ᠵᠢᠴᠢ | ᠬᠢᠯᠢ ᠳᠠᠭᠠᠤ ᠮᠠᠯᠵᠢᠬᠤ ᠣᠷᠣᠨ ᠤ ᠭᠠᠩ ᠬᠠᠭᠰᠠᠷᠠᠭᠠᠨ ᠠᠴᠠ ᠪᠣᠯᠵᠤ ᠤᠯᠠᠷᠢᠯ ᠤᠨ ᠴᠢᠨᠠᠷᠲᠠᠶ ᠪᠠᠷ ᠤᠰᠤ | ᠳᠤᠲᠠᠭᠳᠠᠬᠤ ᠪᠠ ᠬᠤᠯᠠ ᠠᠴᠠ ᠤᠰᠤ ᠲᠠᠬᠡᠬᠡᠬᠦ ᠠᠰᠠᠭᠤᠳᠠᠯ ᠢ ᠭᠤᠣᠯᠳᠠᠯᠭ᠎ᠠ ᠲᠠᠢ ᠰᠢᠶ᠋ᠳᠪᠦᠷᠢᠯᠡᠵᠤ ᠪᠠᠶᠢᠨ᠎ᠠ᠃ | | |