| | 7 ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠢ ᠶᠡᠭᠡ ᠪᠠᠷ ᠨᠡᠭᠡᠭᠡᠨ | ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠤᠳᠤᠷᠢᠳᠬᠤ ᠳᠤᠭᠤᠶᠢᠯᠠᠩ ᠪᠦᠬᠦᠳᠠ ᠬᠤᠷᠠᠯ | ᠬᠤᠷᠠᠯᠳᠤᠭᠤᠯᠵᠤ᠂ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ | ᠠᠯᠬᠤᠮ ᠤᠨ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ | ᠶᠠᠷᠢᠶ᠎ᠠ ᠲᠠᠯᠪᠢᠪᠠ᠃ | ᠸᠠᠩ ᠯᠢ ᠰᠢᠶᠠ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠭᠦᠨᠵᠡᠭᠡᠢ ᠠᠬᠢᠭᠤᠯᠬᠤ ᠪᠣᠯ | ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠬᠢᠭᠰᠡᠨ ᠴᠢᠬᠤᠯᠠ ᠶᠡᠭᠡ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠪᠣᠯᠤᠨ᠎ᠠ᠃ ᠣᠷᠣᠨ ᠳᠠᠶᠠᠭᠠᠷ ᠢᠶᠠᠨ ᠲᠡᠦᠬᠡᠲᠦ ᠴᠢᠨᠠᠷᠲᠠᠶ ᠠᠵᠠ ᠲᠣᠬᠢᠶᠠᠯ ᠢ | ᠡᠵᠡᠮᠳᠡᠨ ᠰᠠᠶᠢᠲᠤᠷ ᠠᠰᠢᠭᠯᠠᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ | ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠤᠯᠤᠰ ᠤᠨ ᠲᠥᠷᠥ ᠶᠢᠨ ᠪᠣᠳᠣᠯᠭ᠎ᠠ ᠶᠢᠨ | ᠤᠳᠤᠷᠢᠳᠤᠮᠵᠢ ᠶᠢ ᠭᠦᠨᠵᠡᠭᠡᠶ ᠰᠤᠳᠤᠯᠵᠤ᠂ ᠮᠠᠨ ᠤ ᠣᠷᠣᠨ ᠤ ᠳᠤᠲᠠᠭᠤᠳᠠᠯ ᠪᠠ ᠬᠦᠷᠦᠯᠴᠡᠬᠦ ᠥᠬᠡᠶ ᠲᠠᠯ᠎ᠠ ᠶᠢ | ᠨᠠᠷᠢᠨ ᠬᠢᠨᠠᠮᠠᠭᠠᠶ ᠵᠠᠳᠠᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠴᠢᠨᠠᠭᠰᠢᠳᠠ ᠪᠣᠳᠠᠲᠠᠶᠢᠵᠢᠭᠤᠯᠤᠨ | ᠨᠠᠷᠢᠯᠢᠭᠵᠢᠭᠤᠯᠵᠦ᠂ ᠥᠷᠯᠥᠭᠡ ᠦᠳᠡᠰᠢ ᠶᠢ ᠲᠡᠮᠡᠴᠡᠨ ᠪᠣᠳᠠᠲᠠᠶ ᠳᠤ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ | ᠠᠬᠢᠭᠤᠯᠵᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠵᠤ ᠰᠢᠨ᠎ᠡ ᠪᠠᠶᠢᠷᠢᠰᠢᠯ ᠢ | ᠪᠦᠷᠢᠯᠳᠦᠭᠦᠯᠬᠦ ᠳᠤᠮᠳᠠ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠬᠡᠷᠡᠭᠲᠡᠶ | ᠭᠡᠵᠦ ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ | ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠳᠡᠳ᠋ | ᠲᠡᠷᠢᠭᠦᠯᠡᠭᠴᠢ ᠵᠠᠩ ᠱᠤᠤ ᠴᠦᠨ ᠬᠤᠷᠠᠯ ᠳᠤ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠢ | ᠶᠡᠭᠡ ᠪᠠᠷ ᠨᠡᠭᠡᠭᠡᠨ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠤᠳᠤᠷᠢᠳᠬᠤ ᠳᠤᠭᠤᠶᠢᠯᠠᠩ ᠤᠨ ᠡᠯ᠎ᠡ | ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ | | |