ᠸᠠᠩ ᠯᠢ ᠰᠢᠶᠠ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠠᠵᠢᠯ ᠤᠨ ᠲᠤᠰᠬᠠᠶ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/21
     7 ᠰᠠᠷ᠎ᠠ ᠶᠢᠨ 5᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠮᠠᠨ ᠤ ᠣᠷᠣᠨ ᠤ ᠠᠮᠤ ᠪᠤᠳᠠᠭᠠᠨ ᠤ ᠠᠮᠤᠷ ᠲᠦᠪᠰᠢᠨ ᠤ ᠠᠵᠢᠯ ᠢ ᠰᠤᠳᠤᠯᠤᠨ ᠪᠠᠶᠢᠷᠢᠯᠠᠭᠤᠯᠪᠠ      ᠸᠠᠩ ᠯᠢ ᠰᠢᠶᠠ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠣᠯ ᠥᠪᠥᠷ ᠮᠣᠩᠭᠤᠯ ᠤᠨ ᠡᠭᠦᠷᠭᠡᠯᠡᠵᠦ ᠪᠠᠶᠢᠭ᠎ᠠ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠮᠥᠨ᠂ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠪᠣᠯᠤᠨ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠠᠮᠤ ᠪᠤᠳᠠᠭᠠᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠰᠠᠭᠤᠳᠠᠯ ᠢ ᠠᠩᠬᠠᠷᠴᠤ᠂ ᠳᠤᠲᠠᠭᠤᠳᠠᠯ ᠢ ᠠᠩᠬᠠᠷᠴᠤ᠂ ᠨᠠᠶᠢᠳᠠᠪᠤᠷᠢᠵᠢᠭᠤᠯᠤᠯᠲᠠ ᠶᠢ ᠠᠩᠬᠠᠷᠴᠤ᠂ ᠠᠮᠤ ᠪᠤᠳᠠᠭᠠᠨ ᠤ ᠠᠮᠤᠷ ᠲᠦᠪᠰᠢᠨ ᠤ ᠡᠯ᠎ᠡ ᠵᠦᠢᠯ ᠤᠨ ᠠᠵᠢᠯ ᠢ ᠬᠦᠴᠦᠲᠡᠢ ᠪᠦᠲᠦᠮᠵᠢᠲᠡᠢ ᠰᠠᠶᠢᠲᠤᠷ ᠬᠢᠬᠦ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ ᠂ ᠬᠤᠵᠢᠷᠯᠢᠭ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠤᠨ᠂ ︽ᠪᠤᠶᠢᠵᠢᠭᠤᠯᠬᠤ᠂ ᠦᠷᠡᠵᠢᠭᠦᠯᠬᠦ᠂ ᠲᠡᠯᠭᠡᠷᠡᠭᠦᠯᠬᠦ︾᠎ ᠶᠢ ᠨᠢᠭᠡ ᠴᠣᠭᠴᠠᠵᠢᠭᠤᠯᠬᠤ ᠶᠢ ᠴᠢᠩᠭ᠎ᠠ ᠠᠳᠬᠤᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠪᠰᠢᠨ ᠢ ᠳᠡᠭᠡᠭᠰᠢᠯᠡᠭᠦᠯᠦᠨ᠂ ᠳᠠᠭᠠᠭᠤᠯᠤᠭᠴᠢ ᠠᠵᠤ ᠠᠬᠤᠶᠢᠯᠠᠯ ᠢ ᠲᠡᠳᠬᠦᠨ ᠳᠡᠮᠵᠢᠵᠦ᠂ ᠮᠠᠯ ᠠᠵᠤ ᠠᠬᠤᠶ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠠᠮᠤ ᠪᠤᠳᠠᠭ᠎ᠠ ᠨᠥᠭᠡᠴᠡᠯᠡᠬᠦ ᠠᠵᠢᠯ ᠢ ᠴᠢᠩᠭ᠎ᠠ ᠰᠠᠶᠢᠲᠤᠷ ᠠᠳᠬᠤᠵᠤ᠂ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠩᠭᠢᠯᠠᠭ᠎ᠠ ᠶᠢᠨ ᠦᠶ᠎ᠡ ᠳᠤ ︽ᠭᠠᠷᠭᠠᠵᠤ ᠳᠡᠶᠢᠯᠬᠦ᠂ ᠲᠣᠬᠢᠷᠠᠭᠤᠯᠵᠤ ᠳᠡᠶᠢᠯᠬᠦ᠂ ᠬᠡᠷᠡᠭᠯᠡᠵᠦ ᠳᠡᠶᠢᠯᠬᠦ︾᠎ ᠶᠢ ᠦᠨᠡᠨ ᠬᠦ ᠪᠠᠲᠤᠯᠠᠬᠤ ᠬᠡᠷᠡᠭᠲᠡᠶ᠃ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾᠂ ︽ᠠᠮᠤ ᠪᠤᠳᠠᠭᠠᠨ ᠤ ᠪᠤᠰᠤ ᠪᠣᠯᠭᠠᠬᠤ︾᠎ ᠶᠢ ᠡᠷᠡᠰ ᠬᠤᠷᠢᠭᠯᠠᠨ ᠵᠣᠭᠰᠣᠭᠠᠵᠤ᠂ ᠲᠠᠷᠢᠶᠠᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠨ᠂ ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠬᠤ ᠠᠵᠢᠯ ᠢ ᠰᠠᠶᠢᠲᠤᠷ ᠬᠢᠵᠦ᠂ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃     ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠤᠤ ᠴᠦᠨ᠂ ᠯᠢ ᠪᠢᠩ ᠷᠦᠩ ᠬᠤᠷᠠᠯ ᠳᠤ ᠣᠷᠣᠯᠴᠠᠵᠠᠶ᠃     
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1