ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠢᠳᠤᠭᠠᠷ ᠬᠤᠷᠠᠯ ᠡᠬᠢᠯᠡᠪᠡ
ᠨᠡᠶᠢᠲᠡᠯᠡᠭᠰᠡᠨ ᠴᠠᠭ᠄
2022/7/21
     ᠯᠢ ᠰᠢᠤ ᠯᠢᠩ ᠬᠤᠷᠠᠯ ᠳᠤ ᠣᠷᠣᠯᠴᠠᠪᠠ     7 ᠰᠠᠷ᠎ᠠ ᠶᠢᠨ 5᠎ ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠢᠳᠤᠭᠠᠷ ᠬᠤᠷᠠᠯ ᠬᠥᠬᠡᠬᠤᠲᠠ ᠳᠤ ᠡᠬᠢᠯᠡᠵᠦ᠂ ᠬᠤᠷᠠᠯ ᠠᠴᠠ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠤ ᠠᠵᠢᠯ ᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢ ᠨᠡᠮᠡᠷᠢ ᠶᠢᠨ ᠨᠣᠷᠮ᠎ᠠ ᠶᠢ ᠳᠡᠭᠡᠭᠰᠢᠯᠡᠭᠦᠯᠬᠦ︾᠎ ᠶᠢᠨ ᠲᠣᠭᠤᠷᠢᠨ ᠳᠤ ᠲᠤᠰᠬᠠᠶ ᠰᠡᠳᠦᠪ ᠢᠶᠠᠷ ᠵᠥᠪᠯᠡᠪᠡ᠃ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢ ᠰᠢᠤ ᠯᠢᠩ ᠬᠤᠷᠠᠯ ᠳᠤ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠰᠢᠶᠠᠨ ᠬᠤᠸᠠ ᠬᠤᠷᠠᠯ ᠳᠤ ᠣᠷᠣᠯᠴᠠᠭᠰᠠᠨ ᠪᠥᠭᠡᠳ ᠪᠠᠶᠢᠳᠠᠯ ᠢ ᠮᠡᠳᠡᠭᠳᠡᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠦᠸᠧ ᡁᠢ ᠬᠤ᠋ ᠬᠤᠷᠠᠯ ᠢ ᠡᠷᠭᠢᠯᠡᠵᠦ ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ᠂ ᠵᠠᠩ ᠬᠤᠸᠠ᠂ ᠴᠡᠴᠡᠭ᠂ ᠡᠸᠤ ᠶᠠᠩ ᠰᠢᠶᠤᠤ ᠬᠤᠶ᠂ ᠠᠨ ᠷᠦᠨ ᠱᠧᠩ ᠵᠢᠴᠢ ᠨᠠᠷᠢᠨ ᠪᠢᠴᠢᠭ ᠤᠨ ᠳᠠᠷᠤᠭ᠎ᠠ ᠳ᠋ᠢ ᠷᠦᠢ ᠮᠢᠩ ᠬᠤᠷᠠᠯ ᠳᠤ ᠣᠷᠣᠯᠴᠠᠵᠠᠶ᠃     ᠪᠣᠣ ᠰᠢᠶᠠᠨ ᠬᠤᠸᠠ ᠪᠠᠶᠢᠳᠠᠯ ᠢ ᠮᠡᠳᠡᠭᠳᠡᠬᠦ ᠳᠡᠭᠡᠨ᠂ ᠣᠶᠢᠷ᠎ᠠ ᠶᠢᠨ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠪᠣᠯᠭᠠᠬᠤ ᠶᠢ ᠪᠠᠷᠢᠮᠲᠠᠯᠠᠵᠤ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠰᠢᠨ᠎ᠡ ᠶᠢ ᠡᠭᠦᠳᠬᠦ ᠬᠡᠯᠪᠡᠷᠢ ᠶᠢᠨ ᠥᠪᠥᠷ ᠮᠣᠩᠭᠤᠯ ᠢ ᠪᠥᠲᠥᠭᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠤᠶᠢᠪᠢᠰᠢ ᠦᠭᠡᠢ ᠰᠠᠶᠢᠲᠤᠷ ᠬᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠰᠢᠨ᠎ᠡ ᠰᠢᠪᠲᠤᠯᠤᠯᠲᠠ ᠭᠠᠷᠭᠠᠬᠤ ᠶᠢ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠵᠤ ᠰᠢᠨ᠎ᠡ ᠠᠬᠢᠴᠠ ᠲᠠᠢ ᠪᠣᠯᠪᠠ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠯᠥᠪᠵᠢᠭᠦᠯᠭᠡ ᠶᠢ ᠭᠦᠨᠵᠡᠭᠡᠶ ᠨᠠᠶᠢᠳᠠᠪᠤᠷᠢᠵᠢᠭᠤᠯᠵᠤ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠭᠤᠯᠤᠯᠲᠠ︾ ᠪᠣᠯᠤᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ︾ ᠭᠡᠬᠦ ᠬᠤᠶᠠᠷ ᠵᠠᠩᠭᠢᠯᠠᠭ᠎ᠠ ᠶᠢ ᠳᠣᠪᠤᠶᠢᠯᠭᠠᠨ᠂ ︽ᠠᠵᠤ ᠦᠶ᠋ᠯᠡᠰ᠂ ᠬᠦᠷᠢᠶᠡᠯᠡᠩ ᠲᠣᠭᠤᠷᠢᠭ᠂ ᠠᠵᠤ ᠠᠬᠤᠶᠢᠯᠠᠯ︾ ᠭᠡᠬᠦ ᠭᠤᠷᠪᠠᠨ ᠭᠤᠤᠯᠳᠠᠯᠭ᠎ᠠ ᠶᠢ ᠠᠳᠬᠤᠵᠤ᠂ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠡᠯ᠎ᠡ ᠵᠦᠶ᠋ᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ ᠬᠡᠯᠪᠡᠷᠢ ᠶᠢᠨ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢᠨ ᠲᠠᠰᠤᠷᠠᠯᠲᠠ ᠥᠬᠡᠶ ᠰᠢᠨ᠎ᠡ ᠠᠬᠢᠴᠠ ᠲᠠᠢ ᠪᠣᠯᠬᠤ ᠶᠢ ᠠᠬᠢᠭᠤᠯᠤᠨ᠎ᠠ ᠭᠡᠵᠦ ᠵᠢᠭᠠᠵᠦ ᠭᠠᠷᠭᠠᠪᠠ᠃     ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠡᠸᠤ ᠶᠠᠩ ᠰᠢᠶᠤᠤ ᠬᠤᠶ ᠵᠥᠪᠯᠡᠬᠦ ᠰᠡᠳᠦᠪ ᠤᠨ ᠲᠣᠭᠤᠷᠢᠨ ᠳᠤ ᠭᠤᠤᠯ ᠰᠡᠳᠦᠪᠲᠦ ᠶᠠᠷᠢᠶ᠎ᠠ ᠲᠠᠯᠪᠢᠪᠠ᠃ ᠵᠠᠩ ᠾᠧ ᠫᠢᠩ᠂ ᠯᠢ ᠱᠢ ᠹᠠᠩ᠂ ᠵᠠᠩ ᠵᠢᠩ᠂ ᠵᠠᠩ ᠵᠢᠶᠦ᠋ᠨ᠂ ᠴᠢᠦ ᡁᠢ ᠭᠠᠩ᠂ ᠯᠢ ᠸᠧᠶ ᠳ᠋ᠦᠩ ᠵᠡᠷᠭᠡ 6 ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠣᠶᠤᠨ ᠤ ᠬᠥᠮᠥᠷᠭᠡ ᠶᠢᠨ ᠲᠤᠰᠬᠠᠶ ᠮᠡᠷᠭᠡᠵᠢᠯᠲᠡᠨ ᠠᠳᠠᠯᠢ ᠪᠤᠰᠤ ᠬᠠᠷᠠᠭᠠᠰᠤ ᠠᠴᠠ ᠶᠡᠭᠡ ᠬᠤᠷᠠᠯ ᠳᠡᠭᠡᠷ᠎ᠡ ᠦᠭᠡ ᠭᠡᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠮᠠᠨ ᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ ᠴᠢᠳᠠᠪᠤᠷᠢᠲᠠᠨ ᠤ ᠠᠵᠢᠯ ᠤᠨ ᠲᠤᠬᠠᠶ ᠲᠤᠰᠬᠠᠶ ᠰᠡᠳᠦᠪᠲᠦ ᠲᠠᠨᠢᠯᠴᠠᠭᠤᠯᠭ᠎ᠠ ᠬᠢᠭᠰᠡᠨ ᠪᠥᠭᠡᠳ ᠭᠡᠰᠢᠭᠦᠳ ᠲᠠᠢ ᠰᠠᠨᠠᠯ ᠢᠶᠠᠨ ᠰᠣᠯᠢᠯᠴᠠᠪᠠ᠃ ᠬᠤᠷᠠᠯ ᠳᠤ ᠣᠷᠣᠯᠴᠠᠭᠰᠠᠳ ᠵᠥᠪᠯᠡᠬᠦ ᠰᠡᠳᠦᠪ ᠤᠨ ᠲᠣᠭᠤᠷᠢᠨ ᠳᠤ ᠳᠤᠭᠤᠶᠢᠯᠠᠩ ᠬᠤᠪᠢᠶᠠᠨ ᠶᠠᠷᠢᠯᠴᠠᠪᠠ᠃     ᠡᠬᠢᠯᠡᠯᠲᠡ ᠶᠢᠨ ᠬᠤᠷᠠᠯ ᠠᠴᠠ ᠡᠮᠦᠨ᠎ᠡ᠂ ᠳᠤᠮᠳᠠᠳᠤ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠠᠵᠤ ᠠᠬᠤᠢ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ᠂ ᠠᠵᠤ ᠠᠬᠤᠢ ᠶᠢᠨ ᠤᠬᠠᠭᠠᠨ ᠤ ᠳ᠋ᠣᠺᠲ᠋ᠣᠷ ᠯᠢ ᠸᠧᠨ ᠬᠤᠢ ᠤᠷᠢᠯᠭ᠎ᠠ ᠪᠠᠷ ︽ᠴᠢᠳᠠᠪᠤᠷᠢᠲᠠᠨ᠂ ᠰᠢᠨ᠎ᠡ ᠶᠢ ᠡᠭᠦᠳᠬᠦ᠂ ᠢᠷᠡᠭᠡᠳᠦᠢ — ᠬᠥᠮᠦᠨ ᠲᠥᠷᠥᠯᠬᠢᠲᠡᠨ ᠤ ᠰᠢᠨ᠎ᠡ ᠶᠢ ᠡᠭᠦᠳᠬᠦ ᠠᠮᠢ ᠠᠬᠤᠢ ᠶᠢ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠠᠵᠤ ᠠᠬᠤᠢ ᠶᠢᠨ ᠠᠭᠤᠰᠤᠯᠴᠠᠯ ᠢ ᠠᠬᠢᠭᠤᠯᠤᠶ᠎ᠠ︾ ᠭᠡᠬᠦ ᠲᠤᠰᠬᠠᠢ ᠰᠡᠳᠦᠪᠲᠦ ᠲᠠᠶᠢᠯᠤᠮᠵᠢ ᠬᠢᠪᠡ᠃     
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1