ᠪᠥᠬᠦ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠡᠭᠡ ᠬᠤᠷᠠᠯ ᠬᠤᠷᠠᠯᠳᠤᠪᠠ ᠰᠦᠨ ᠱᠤᠤ ᠴᠧᠩ ᠴᠣᠬᠤᠯᠠᠪᠤᠷᠢ ᠦᠭᠴᠤ ᠸᠠᠩ ᠯᠢ ᠰᠢᠶᠠ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2022/7/21
     7 ᠰᠠᠷ᠎ᠠ ᠶᠢᠨ 5᠎ ᠤ ᠡᠳᠦᠷ᠂ ᠪᠦᠬᠦ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠡᠭᠡ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠪᠦᠬᠦ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠳᠤ ᠴᠣᠬᠤᠯᠠᠪᠤᠷᠢ ᠥᠭᠴᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃     ᠰᠦᠨ ᠱᠤᠤ ᠴᠧᠩ ᠴᠣᠬᠤᠯᠠᠪᠤᠷᠢ ᠳᠠᠭᠠᠨ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠲᠦᠷᠢᠮ ᠤᠨ ᠰᠢᠨ᠎ᠡ ᠶᠢ ᠡᠭᠦᠳᠬᠦ᠂ ᠲᠥᠷᠥ ᠶᠢᠨ ᠪᠣᠳᠣᠯᠭ᠎ᠠ ᠶᠢᠨ ᠬᠠᠩᠭᠠᠯᠭ᠎ᠠ ᠪᠣᠯᠤᠨ ᠣᠷᠣᠭᠤᠯᠤᠯᠲᠠ ᠶᠢᠨ ᠡᠷᠴᠢᠮ ᠢᠶᠠᠨ ᠦᠨᠡᠨ ᠬᠦ ᠴᠢᠩᠭᠠᠷᠠᠭᠤᠯᠬᠤ ᠬᠡᠷᠡᠭᠲᠡᠶ᠃ ᠰᠤᠷᠭᠠᠭᠤᠯᠢ ᠡᠷᠬᠢᠯᠡᠬᠦ ᠵᠥᠪ ᠴᠢᠭᠯᠡᠯ ᠢ ᠪᠠᠷᠢᠮᠲᠠᠯᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠦᠷᠦᠯ ᠬᠡᠯᠪᠡᠷᠢ ᠶᠢᠨ ᠪᠠᠶᠢᠷᠢ ᠲᠣᠭᠲᠠᠭᠠᠯᠲᠠ ᠶᠢ ᠰᠢᠯᠢᠳᠡᠭᠵᠢᠭᠦᠯᠵᠦ᠂ ᠬᠥᠮᠦᠨ ᠬᠥᠮᠦᠵᠢᠭᠦᠯᠬᠦ ᠠᠷᠭ᠎ᠠ ᠬᠡᠯᠪᠡᠷᠢ᠂ ᠰᠤᠷᠭᠠᠭᠤᠯᠢ ᠡᠷᠬᠢᠯᠡᠬᠦ ᠵᠠᠭᠪᠤᠷ᠂ ᠬᠠᠮᠢᠶᠠᠷᠤᠯᠲᠠ ᠶᠢᠨ ᠪᠠᠶᠢᠭᠤᠯᠤᠮᠵᠢ᠂ ᠪᠠᠲᠤᠯᠠᠭ᠎ᠠ ᠶᠢᠨ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠬᠤ ᠬᠡᠷᠡᠭᠲᠡᠢ᠃ ᠵᠠᠬ᠎ᠠ ᠳᠡᠯᠭᠡᠭᠦᠷ ᠤᠨ ᠠᠵᠤ ᠠᠬᠤᠢ ᠶᠢᠨ ᠵᠢᠮ᠎ᠡ ᠶᠣᠰᠣ ᠶᠢ ᠬᠦᠨᠳᠦᠳᠭᠡᠵᠦ᠂ ᠭᠠᠵᠠᠷ ᠣᠷᠣᠨ ᠤ ᠬᠥᠭᠵᠢᠯᠲᠡ ᠶᠢᠨ ᠬᠡᠷᠡᠭᠴᠡᠭᠡ ᠲᠠᠢ ᠨᠢᠭᠳᠠ ᠤᠶᠠᠯᠳᠤᠭᠤᠯᠵᠤ᠂ ᠠᠵᠤ ᠦᠢᠯᠡᠰ ᠰᠤᠷᠭᠠᠨ ᠬᠦᠮᠦᠵᠢᠯ ᠤᠨ ᠠᠭᠤᠰᠤᠯᠴᠠᠯ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠬᠥᠮᠦᠵᠢᠯ ᠪᠣᠯᠪᠠᠰᠤᠷᠠᠯ ᠤᠨ ᠤᠶᠠᠯᠳᠤᠯ ᠢ ᠭᠦᠨᠵᠡᠭᠡᠶᠢᠷᠡᠭᠦᠯᠵᠦ᠂ ᠲᠤᠰᠬᠠᠢ ᠮᠡᠷᠭᠡᠵᠢᠯ ᠢ ᠠᠵᠤ ᠦᠢᠯᠡᠰ ᠲᠠᠢ ᠨᠢᠭᠲᠠ ᠵᠣᠯᠭᠠᠭᠤᠯᠬᠤ ᠶᠢ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠣᠬᠢᠴᠠᠬᠤ ᠴᠢᠨᠠᠷ ᠢ ᠴᠢᠩᠭᠠᠳᠬᠠᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃     ᠸᠠᠩ ᠯᠢ ᠰᠢᠶᠠ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯ ᠤᠯᠠᠨ ᠶᠠᠩᠵᠤᠵᠢᠯᠲᠠ ᠶᠢᠨ ᠴᠢᠳᠠᠪᠤᠷᠢᠲᠠᠨ ᠢ ᠬᠥᠮᠦᠵᠢᠭᠦᠯᠬᠦ᠂ ᠮᠡᠷᠭᠡᠵᠢᠯ ᠤᠷ᠎ᠠ ᠴᠢᠳᠠᠪᠤᠷᠢ ᠶᠢ ᠤᠯᠠᠮᠵᠢᠯᠠᠬᠤ᠂ ᠠᠵᠢᠯ ᠣᠯᠭᠤᠵᠤ ᠦᠢᠯᠡᠰ ᠪᠤᠰᠬᠠᠬᠤ ᠶᠢ ᠠᠬᠢᠭᠤᠯᠬᠤ ᠴᠢᠬᠤᠯᠠ ᠠᠷᠭ᠎ᠠ ᠵᠠᠮ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠭᠡ ᠲᠠᠯ᠎ᠠ ᠪᠥᠬᠦ ᠲᠠᠯ᠎ᠠ ᠳᠤ ᠰᠠᠭᠤᠷᠢᠯᠠᠨ᠂ ᠬᠠᠷᠠᠯᠲᠠ ᠡᠭᠦᠷᠭᠡ ᠪᠠᠨ ᠡᠵᠡᠮᠳᠡᠨ ᠤᠷᠤᠭᠰᠢᠯᠠᠵᠤ᠂ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠬᠤ᠂ ᠲᠥᠷᠥᠯ ᠲᠡᠮᠳᠡᠭ ᠤᠨ ᠴᠣᠭᠴᠠᠯᠠᠯᠲᠠ ᠶᠢ ᠴᠢᠩᠭᠠᠳᠬᠠᠬᠤ᠂ ᠠᠵᠤ ᠦᠢᠯᠡᠰ ᠰᠤᠷᠭᠠᠨ ᠬᠥᠮᠦᠵᠢᠯ ᠤᠨ ᠠᠭᠤᠰᠤᠯᠴᠠᠯ ᠢ ᠠᠬᠢᠭᠤᠯᠬᠤ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠨᠡᠶᠢᠭᠡᠮ ᠤᠨ ᠪᠣᠯᠪᠠᠰᠤᠷᠠᠯ ᠢ ᠥᠷᠭᠡᠳᠭᠡᠬᠦ ᠪᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠪᠠᠲᠤᠯᠠᠬᠤ ᠲᠠᠯ᠎ᠠ ᠪᠠᠷ ᠪᠣᠳᠠᠲᠠᠶ ᠠᠵᠢᠯ ᠬᠢᠵᠦ᠂ ᠮᠠᠨ ᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠶᠡᠭᠡ ᠵᠢᠳᠭᠦᠯ ᠴᠢᠷᠮᠠᠶᠢᠯᠭ᠎ᠠ ᠭᠠᠷᠭᠠᠵᠤ ᠪᠤᠯᠬᠤ︾ ᠎ ᠠᠴᠠ ︽ᠶᠡᠭᠡ ᠦᠶ᠋ᠯᠡᠰ ᠢ ᠪᠦᠲᠦᠭᠡᠬᠦ︾ ᠲᠡᠶᠢᠰᠢ ᠤᠷᠤᠭᠰᠢᠯᠠᠬᠤ ᠶᠢ ᠠᠬᠢᠭᠤᠯᠬᠤ ᠬᠡᠷᠡᠭᠲᠡᠶ ᠭᠡᠵᠠᠢ᠃ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠤ ᠰᠢᠶᠠᠨ ᠬᠤᠸᠠ ᠬᠤᠷᠠᠯ ᠢ ᠡᠷᠬᠢᠯᠡᠪᠡ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1