ᠥᠪᠡᠷᠲᠡᠭᠡᠨ ᠵᠠᠰᠠᠬᠤ ᠣᠷᠣᠨ ᠤ ᠠᠶᠤᠯᠬᠦᠢ ᠦᠢᠯᠡᠳᠪᠦᠷᠢᠯᠡᠯ ᠤᠨ ᠵᠥᠪᠯᠡᠯ ᠪᠥᠬᠦᠳᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/21
     ᠸᠠᠩ ᠯᠢ ᠰᠢᠶᠠ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ     7 ᠰᠠᠷ᠎ᠠ ᠶᠢᠨ 6᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠬᠦᠳᠡ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ  ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠶᠢ ᠤᠯᠠᠮᠵᠢᠯᠠᠨ ᠲᠤᠭᠤᠰᠢᠯᠠᠭᠤᠯᠵᠤ᠂ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠤᠯᠤᠰ ᠤᠨ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠤᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠵᠤ ᠬᠡᠷᠡᠭᠵᠢᠭᠦᠯᠬᠦ ᠲᠥᠰᠦᠯ ᠪᠣᠯᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠡᠭᠠᠬᠤ ᠬᠠᠮᠢᠶᠠᠷᠤᠯᠲᠠ ᠶᠢᠨ ᠠᠵᠢᠯ ᠢ ᠬᠢᠨᠠᠨ ᠰᠢᠯᠭᠠᠬᠤ ᠠᠷᠭ᠎ᠠ ︵ᠲᠤᠷᠰᠢᠨ ᠬᠡᠷᠡᠭᠵᠢᠭᠦᠯᠬᠦ︶᠎ ᠶᠢ ᠬᠢᠨᠠᠨ ᠵᠥᠪᠯᠡᠪᠡ᠃     ᠸᠠᠩ ᠯᠢ ᠰᠢᠶᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶᠠᠨ ᠤ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠶ ᠶᠢ ᠲᠤᠭᠳᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠤᠯᠭᠦᠶ ᠦᠶ᠋ᠯᠡᠳᠪᠦᠷᠢᠯᠡᠯ ᠤᠨ ᠠᠵᠢᠯ ᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ᠡᠯ᠎ᠡ ᠵᠦᠶ᠋ᠯ ᠤᠨ ᠠᠵᠢᠯ ᠢ ᠴᠢᠩᠭ᠎ᠠ ᠠᠴᠠ ᠴᠢᠩᠭ᠎ᠠ ᠰᠠᠶᠢᠲᠤᠷ ᠠᠳᠬᠤᠬᠤ ᠬᠡᠷᠡᠭᠲᠡᠶ᠃ ᠠᠮᠤᠷ ᠲᠦᠪᠰᠢᠨ ᠬᠥᠭᠵᠢᠬᠦᠯᠬᠦ ᠣᠶᠢᠯᠠᠭᠠᠭᠳᠠᠬᠤᠨ ᠢ ᠢᠮᠠᠭᠲᠠ ᠪᠠᠲᠤ ᠪᠤᠢ ᠪᠣᠯᠭᠠᠵᠤ᠂ ᠦᠵᠡᠯ ᠰᠠᠨᠠᠭᠠᠨ ᠤ ᠲᠠᠯ᠎ᠠ ᠶᠢᠨ ︽ᠶᠡᠷᠦᠩᠬᠡᠢ ᠨᠡᠭᠡᠭᠡᠯᠭᠡ︾᠎ ᠶᠢ ᠦᠷᠭᠦᠯᠵᠢᠯᠡᠨ ᠴᠢᠩᠭᠠᠯᠠᠵᠤ᠂ ᠠᠮᠤᠷ ᠲᠦᠪᠰᠢᠨ ᠤ ᠬᠥᠪᠴᠢ ᠶᠢ ᠴᠠᠭ ᠢᠮᠠᠭᠲᠠ ᠴᠢᠩᠭᠠᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠦᠷᠢᠵᠢᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠳᠤ ᠪᠣᠳᠠᠲᠠᠢ ᠨᠠᠷᠢᠯᠢᠭ ᠪᠠᠶᠢᠵᠤ᠂ ᠠᠮᠤᠷ ᠲᠦᠪᠰᠢᠨ ᠤ ᠭᠡᠮ ᠰᠣᠭᠤᠭ ᠢ ᠪᠦᠬᠦ ᠲᠠᠯ᠎ᠠ ᠪᠠᠷ ᠲᠦᠢᠯᠪᠤᠷᠢᠲᠠᠢ ᠵᠢᠭᠰᠠᠭᠠᠨ ᠪᠠᠶᠢᠴᠠᠭᠠᠵᠤ ᠠᠷᠢᠯᠭᠠᠬᠤ ᠬᠡᠷᠡᠭᠲᠡᠢ᠃ ᠠᠵᠢᠯ ᠤᠨ ᠣᠷᠣᠭᠤᠯᠤᠯᠲᠠ ᠪᠠᠳᠤᠯᠠᠭ᠎ᠠ ᠶᠢ ᠨᠠᠷᠢᠨ ᠨᠢᠭᠲᠠ ᠪᠠᠶᠢᠯᠭᠠᠵᠤ᠂ ᠤᠯᠤᠰ ᠤᠨ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠬᠡᠵᠤ ᠴᠢᠬᠤᠯᠠᠴᠢᠯᠠᠪᠠ᠃     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠤᠤ ᠴᠦᠨ᠂ ᠯᠢ ᠪᠢᠩ ᠷᠦᠩ᠂ ᠪᠣᠣ ᠰᠢᠶᠠᠨ ᠬᠤᠸᠠ ᠬᠤᠷᠠᠯ ᠳᠤ ᠣᠷᠣᠯᠴᠠᠵᠠᠶ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1