ᠵᠠᠩ ᡁᠢ ᠸᠧᠢ ᠪᠣᠯᠪᠠᠰᠤᠨ ᠬᠤᠲᠠ ᠴᠣᠭᠴᠠᠯᠠᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/7/26
     7 ᠰᠠᠷ᠎ᠠ ᠶᠢᠨ 20᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᡁᠢ ᠸᠧᠢ ᠤᠷᠢᠳ ᠬᠤᠵᠢᠳ ᠶᠤᠸᠠᠨ ᠪᠦᠦ ᠱᠠᠨ ᠪᠠᠯᠭᠠᠰᠤᠨ ᠤ ᠵᠢᠶᠠᠨ ᠴᠠᠩ ᠶᠢᠩ ᠲᠣᠰᠬᠤᠨ᠂ ᠨᠠᠨ ᠬᠤᠸᠠᠩ ᠲᠣᠰᠬᠤᠨ᠂ ᠴᠠᠩ ᠱᠧᠩ ᠲᠣᠰᠬᠤᠨ ᠳᠤ ᠬᠦᠷᠴᠦ  ᠪᠣᠯᠪᠠᠰᠤᠨ ᠬᠤᠲᠠ  ᠴᠣᠭᠴᠠᠯᠠᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠤᠸᠠᠨ ᠶᠦᠨ ᠾᠧ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠯᠢ ᠸᠧᠢ ᠪᠣᠯᠣᠨ ᠬᠤᠯᠪᠣᠭᠳᠠᠯ ᠪᠦᠬᠦᠢ ᠨᠢᠭᠡᠴᠢ ᠎ ᠶᠢᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
1_副本.jpg
          ᠵᠢᠶᠠᠨ ᠴᠠᠩ ᠶᠢᠩ ᠲᠣᠰᠬᠤᠨ ᠥᠩᠭᠡᠷᠡᠭᠰᠡᠨ ᠳᠤ ︽ᠪᠦᠬᠦ ᠤᠯᠤᠰ ᠤᠨ ᠪᠣᠯᠪᠠᠰᠤᠨ ᠲᠣᠰᠬᠤᠨ︾᠂ ︽ᠪᠦᠬᠦ ᠤᠯᠤᠰ ᠤᠨ ᠬᠥᠳᠡᠭᠡ ᠲᠣᠰᠬᠤᠨ ᠤ ᠴᠡᠭᠴᠡᠯᠡᠨ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ︾ ᠵᠡᠷᠭᠡ ᠢᠷᠠᠭᠤ ᠠᠯᠳᠠᠷ ᠢ ᠬᠦᠷᠲᠡᠵᠦ ᠦᠩᠭᠡᠷᠡᠭᠰᠡᠨ ᠶᠤᠮ ᠂ ᠵᠠᠩ ᡁᠢ ᠸᠧᠢ ᠠᠳᠡ ᠢᠷᠡᠵᠤ ᠲᠣᠰᠬᠤᠨ ᠤ ᠨᠠᠮ ᠤᠨ ᠡᠭᠦᠷ ᠤᠨ ᠬᠠᠷᠢᠭᠤᠴᠠᠯᠭᠠᠲᠠᠨ ᠲᠠᠢ ᠭᠦᠨᠵᠡᠭᠡᠢ ᠶᠠᠷᠢᠯᠴᠠᠨ᠂ ᠬᠤᠳᠠ ᠴᠣᠭᠴᠠᠯᠠᠬᠤ ᠠᠵᠢᠯ ᠠᠴᠠ ᠨᠠᠭᠠᠰᠢᠬᠢ ᠡᠯ᠎ᠡ ᠵᠦᠢᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ ᠂ ᠲᠣᠰᠬᠤᠨ ᠤ ᠨᠠᠮ ᠤᠨ ᠡᠭᠦᠷ ᠤᠨ ᠬᠠᠷᠢᠭᠤᠴᠠᠯᠭᠠᠲᠠᠨ ᠳᠤ ᠂ ᠡᠭᠦᠷᠭᠡ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠴᠢᠩᠭ᠎ᠠ ᠠᠳᠬᠤᠨ᠂ ᠡᠯ᠎ᠡ ᠵᠦᠢᠯ ᠤᠨ ᠠᠵᠢᠯ ᠢ ᠭᠦᠢᠴᠡᠳ ᠪᠥᠭᠡᠳ ᠨᠠᠷᠢᠯᠢᠭ ᠬᠢᠵᠦ ᠂ ᠬᠤᠳᠠ ᠴᠣᠭᠴᠠᠯᠠᠬᠤ ᠠᠵᠢᠯ ᠤᠨ ᠡᠯ᠎ᠡ ᠨᠠᠷᠢᠨ ᠵᠦᠢᠯᠡᠰ ᠢ ᠲᠣᠳᠤᠷᠬᠠᠢ ᠪᠠᠶᠢᠯᠭᠠᠬᠤ ᠶᠢ ᠪᠠᠲᠤᠯᠠᠬᠤ ᠬᠡᠷᠡᠭᠲᠡᠢ᠃ ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠢ ᠳᠠᠷᠤᠶᠢᠬᠠᠨ ᠬᠤᠲᠠ ᠴᠣᠭᠴᠠᠯᠠᠬᠤ ᠠᠯᠪᠠᠨ ᠭᠡᠷ ᠵᠢᠴᠢ ᠬᠤᠯᠪᠣᠭᠳᠠᠯ ᠪᠦᠬᠦᠢ ᠨᠢᠭᠡᠴᠢ ᠲᠠᠢ ᠬᠤᠯᠪᠤᠭ᠎ᠠ ᠠᠪᠴᠤ ᠰᠠᠨᠠᠯ ᠢᠶᠠᠨ ᠰᠣᠯᠢᠯᠴᠠᠨ᠂ ᠳᠡᠭᠡᠳᠦ ᠳᠣᠣᠷᠠᠳᠤ ᠱᠠᠲᠤ ᠪᠠᠷ ᠢᠶᠠᠨ ᠬᠦᠴᠦ ᠪᠠᠨ ᠬᠠᠮᠲᠤᠳᠬᠠᠨ ᠬᠠᠮᠲᠤᠷᠠᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠬᠢᠯᠪᠠᠷ ᠦᠭᠡᠢ ᠢᠷᠡᠭᠰᠡᠨ ᠡᠯ᠎ᠡ ᠵᠦᠢᠯ ᠤᠨ ᠰᠠᠶᠢᠨ ᠬᠢᠷᠢ ᠪᠦᠲᠦᠮᠵᠢ ᠎ ᠪᠠᠨ ᠰᠠᠶᠢᠲᠤᠷ ᠬᠠᠮᠠᠭᠠᠯᠠᠨ ᠪᠠᠬᠢᠵᠢᠭᠦᠯᠬᠦ ᠬᠡᠷᠡᠭᠲᠡᠢ ᠭᠡᠵᠦ ᠵᠠᠬᠢᠵᠠᠢ᠃
2_副本.jpg
         ᠨᠠᠨ ᠬᠤᠸᠠᠩ ᠲᠣᠰᠬᠤᠨ ᠳᠤ ᠂ ᠵᠠᠩ ᡁᠢ ᠸᠧᠢ ᠲᠣᠰᠬᠤᠨ ᠤ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠵᠡᠭᠦᠯᠦᠯᠭᠡ ᠶᠢᠨ ᠲᠠᠰᠤᠭ ᠂ ᠪᠣᠯᠪᠠᠰᠤᠨ ᠤ ᠦᠢᠯᠡᠳᠦᠯᠭᠡ ᠶᠢᠨ ᠰᠣᠶᠣᠯ ᠤᠨ ᠠᠵᠢᠯᠯᠠᠭᠠᠨ ᠤ ᠲᠠᠰᠤᠭ ᠲᠤ ᠣᠷᠤᠵᠤ᠂ ᠨᠠᠨ ᠬᠤᠸᠠᠩ ᠲᠣᠰᠬᠤᠨ ᠤ ᠡᠯ᠎ᠡ ᠵᠦᠢᠯ ᠤᠨ ᠰᠣᠶᠣᠯ ᠤᠨ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠠᠢ ᠃ ᠵᠠᠩ ᡁᠢ ᠸᠧᠢ ᠂ ᠰᠣᠶᠣᠯ ᠤᠨ ᠠᠵᠢᠯᠯᠠᠭᠠᠨ ᠤ ᠲᠠᠰᠤᠭ ᠲᠤ ᠂ ᠨᠠᠨ ᠬᠤᠸᠠᠩ ᠲᠣᠰᠬᠤᠨ ᠎ ᠤ  ᠬᠠᠳᠠᠭᠠᠯᠠᠨ ᠦᠯᠡᠳᠡᠭᠡᠵᠦ ᠢᠷᠡᠭᠰᠡᠨ ᠨᠢᠭᠡ ᠣᠪᠣᠭ᠎ᠠ ᠲᠡᠦᠬᠡ ᠶᠢᠨ ᠨᠣᠮ ᠪᠢᠴᠢᠭ ᠤᠳ ᠢ ᠦᠵᠡᠭᠡᠳ ᠮᠠᠰᠢ ᠪᠠᠶᠠᠷᠯᠠᠵᠤ᠂  ᠨᠢᠭᠡ ᠳᠡᠪᠲᠡᠷ ᠢ ᠨᠢ ᠠᠪᠴᠤ ᠨᠠᠷᠢᠨ ᠬᠢᠨᠠᠮᠠᠭᠠᠢ ᠤᠷᠪᠠᠭᠤᠯᠤᠨ ᠦᠵᠡᠬᠦ ᠶᠢᠨ ᠬᠠᠮᠲᠤ ᠲᠤᠰ ᠲᠣᠰᠬᠤᠨ ᠤ ᠰᠣᠶᠣᠯ ᠤᠨ  ᠠᠵᠢᠯᠯᠠᠭ᠎ᠠ ᠦᠷᠨᠢᠭᠦᠯᠵᠦ ᠪᠠᠶᠢᠭ᠎ᠠ ᠪᠠᠶᠢᠳᠠᠯ ᠢ ᠭᠦᠢᠴᠡᠳ ᠨᠣᠲᠠᠯᠠᠨ᠂ ᠰᠣᠶᠣᠯ ᠢᠶᠠᠷ ᠭᠤᠣᠯ ᠰᠡᠳᠦᠪ ᠪᠣᠯᠭᠠᠭᠰᠠᠨ ᠬᠤᠳᠠ  ᠴᠣᠭᠴᠠᠯᠠᠬᠤ ᠠᠵᠢᠯᠯᠠᠭ᠎ᠠ ᠶᠢ ᠦᠷᠨᠢᠭᠦᠯᠬᠦ ᠨᠢ ᠬᠥᠮᠥᠨ ᠪᠦᠬᠦᠨ ᠮᠡᠳᠡᠬᠦ ᠂ ᠬᠥᠮᠥᠨ ᠪᠦᠬᠦᠨ ᠣᠷᠤᠯᠴᠠᠬᠤ ᠬᠤᠳᠠ ᠴᠣᠭᠴᠠᠯᠠᠬᠤ ᠠᠭᠤᠷ ᠠᠮᠢᠰᠬᠤᠯ ᠢ ᠪᠤᠢ ᠪᠣᠯᠭᠠᠬᠤ ᠳᠤ ᠶᠡᠭᠡ ᠲᠤᠰᠠᠲᠠᠢ ᠶᠤᠮ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠬᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ ᠂ ᠪᠦᠬᠦ ᠤᠯᠠᠨ ᠲᠦᠮᠡᠨ ᠢ ᠲᠠᠶᠢᠴᠢᠯᠠᠨ ᠬᠤᠳᠠ ᠴᠣᠭᠴᠠᠯᠠᠬᠤ ᠠᠵᠢᠯ ᠳᠤ ᠣᠷᠣᠯᠴᠠᠭᠤᠯᠵᠤ ᠂ ᠰᠣᠶᠣᠯ ᠤᠨ ᠠᠵᠢᠯᠯᠠᠭ᠎ᠠ ᠪᠠᠷ ᠬᠤᠳᠠ ᠴᠣᠭᠴᠠᠯᠠᠬᠤ ᠠᠵᠢᠯ ᠢ ᠲᠤᠰᠠᠯᠠᠬᠤ ᠶᠢ ᠨᠡᠩ ᠰᠠᠶᠢᠲᠤᠷ ᠥᠷᠨᠢᠭᠦᠯᠬᠦ ᠳᠤ ᠬᠦᠴᠦ ᠨᠡᠮᠡᠷᠢᠯᠡᠬᠦ ᠬᠡᠷᠡᠭᠲᠡᠢ ᠭᠡᠵᠦ ᠬᠡᠯᠡᠪᠡ ᠃
3_副本.jpg
         ᠴᠠᠩ ᠱᠧᠩ ᠲᠣᠰᠬᠤᠨ ᠳᠤ ᠬᠦᠷᠬᠦ ᠵᠠᠮ ᠎ ᠳᠤ᠂ ᠵᠠᠩ ᡁᠢ ᠸᠧᠢ ᠵᠠᠮ ᠳᠠᠭᠠᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠪᠠᠶᠢᠳᠠᠯ ᠢ ᠪᠠᠶᠢᠴᠠᠭᠠᠨ ᠦᠵᠡᠪᠡ ᠃ ᠴᠠᠩ ᠱᠧᠩ ᠲᠣᠰᠬᠤᠨ ᠳᠤ ᠬᠦᠷᠦᠭᠰᠡᠨ ᠤ ᠳᠠᠷᠠᠭ᠎ᠠ᠂ ᠵᠠᠩ ᡁᠢ ᠸᠧᠢ  ᠵᠠᠮ  ᠳᠠᠭᠠᠤ ᠣᠯᠵᠤ ᠮᠡᠳᠡᠭᠰᠡᠨ ᠬᠦᠷᠦᠯᠴᠡᠬᠦ ᠦᠭᠡᠢ ᠵᠦᠢᠯᠡᠰ ᠢ ᠲᠣᠰᠬᠤᠨ ᠤ ᠬᠠᠷᠢᠭᠤᠴᠠᠯᠭᠠᠲᠠᠨ ᠳᠤ ᠨᠢᠭᠡᠳ ᠨᠢᠭᠡ ᠪᠠᠷ  ᠵᠢᠭᠠᠨ  ᠭᠠᠷᠭᠠᠬᠤ ᠶᠢᠨ ᠬᠠᠮᠲᠤ ᠪᠣᠳᠠᠲᠠᠢ ᠰᠠᠨᠠᠭᠤᠯᠭ᠎ᠠ ᠳᠤᠷᠠᠳᠴᠤ᠂ ᠴᠠᠩ ᠱᠧᠩ ᠲᠣᠰᠬᠤᠨ ᠤ ᠡᠷᠬᠢᠨ ᠲᠣᠭᠤᠷᠢᠨ ᠤ ᠡᠷᠡᠭᠦᠯ ᠬᠠᠮᠠᠭᠠᠯᠠᠯ ᠤᠨ ᠣᠷᠴᠢᠨ ᠲᠣᠭᠤᠷᠢᠨ ᠢ ᠡᠷᠬᠡᠪᠰᠢ ᠴᠡᠭ ᠬᠠᠷᠠᠭᠠᠯᠵᠠᠭᠤᠯᠤᠨ ᠦᠪᠡᠷ ᠤᠨ ᠪᠡᠶ᠎ᠡ ᠪᠠᠷ ᠢᠶᠠᠨ ᠲᠣᠬᠢᠷᠠᠭᠤᠯᠵᠤ᠂ ᠬᠦᠴᠦᠨ ᠢᠶᠠᠨ ᠲᠥᠪᠯᠡᠷᠡᠭᠦᠯᠦᠨ ᠲᠣᠰᠬᠤᠨ ᠤ ᠠᠷᠠᠳ ᠢ ᠳᠠᠶᠢᠴᠢᠯᠠᠵᠤ᠂ ᠡᠷᠬᠢᠨ ᠲᠣᠭᠤᠷᠢᠨ ᠤ ᠡᠷᠡᠭᠦᠯ ᠬᠠᠮᠠᠭᠠᠯᠠᠯ ᠤᠨ ᠴᠡᠪᠡᠷᠯᠡᠯᠲᠡ ᠶᠢᠨ ᠠᠵᠢᠯ ᠳᠤ ᠬᠠᠮᠲᠤ ᠪᠠᠷ ᠣᠷᠤᠯᠴᠠᠭᠤᠯᠤᠨ᠂ ᠲᠣᠰᠬᠤᠨ ᠤ ᠠᠷᠠᠳ ᠤᠨ ᠬᠠᠮᠲᠤ ᠪᠠᠷ ᠬᠤᠲᠠ ᠴᠣᠭᠴᠠᠯᠠᠬᠤ ᠰᠡᠳᠬᠢᠬᠦᠢ ᠤᠬᠠᠮᠰᠠᠷ ᠢ ᠴᠢᠩᠭᠠᠳᠬᠠᠵᠤ᠂ ᠬᠤᠲᠠ ᠴᠣᠭᠴᠠᠯᠠᠬᠤ ᠠᠵᠢᠯ ᠤᠨ ᠣᠶᠢᠯᠠᠭᠠᠬᠤ ᠨᠣᠷᠮ᠎ᠠ᠂ ᠳᠡᠮᠵᠢᠬᠦ ᠨᠣᠷᠮ᠎ᠠ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1