ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠾᠧᠩ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠳᠠᠷᠤᠭ᠎ᠠ ᠯᠢ ᠵᠢᠶᠠᠨ ᠫᠢᠩ ᠶᠤᠸᠠᠨ ᠪᠦᠦ ᠱᠠᠨ ᠲᠣᠭᠤᠷᠢᠭ ᠲᠤ ᠢᠷᠡᠵᠦ ᠬᠤᠲᠠ ᠴᠣᠭᠴᠠᠯᠠᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2022/7/27
     7 ᠳ᠋ᠤᠭᠠᠷ ᠰᠠᠷ᠎ᠠ ᠶᠢᠨ 21᠎ ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠾᠧᠩ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ  ᠪᠠᠶᠢᠴᠠᠭᠠᠭᠴᠢ ᠳᠠᠷᠤᠭ᠎ᠠ ᠯᠢ ᠵᠢᠶᠠᠨ ᠫᠢᠩ ᠮᠠᠨ ᠤ ᠲᠣᠭᠤᠷᠢᠭ ᠲᠤ ᠢᠷᠡᠵᠦ ᠬᠤᠲᠠ ᠴᠣᠭᠴᠠᠯᠠᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᡁᠢ ᠸᠧᠢ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠹᠦ᠋ ᠰᠢᠸ ᠾᠥᠢ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠳᠠᠷᠤᠭ᠎ᠠ ᠹᠠᠨ ᠰᠢᠶᠣᠣ ᠴᠢᠦ ᠵᠢᠴᠢ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
1_副本.jpg
         ᠵᠠᠩ ᠾᠧᠩ᠂ ᠯᠢ ᠵᠢᠶᠠᠨ ᠫᠢᠩ ᠨᠠᠷ ᠡᠩ ᠲᠡᠷᠢᠭᠦᠨ ᠳᠤ ᠫᠢᠩ ᠵᠤᠸᠠᠩ ᠤᠨ ᠪᠠᠷᠠᠭᠤᠨ ᠬᠤᠲᠠ ᠵᠡᠭᠡᠯᠢ ᠭᠤᠳᠤᠮᠵᠢ ᠶᠢᠨ ᠿᠦ ᠢ ᠵᠢᠶᠠ ᠶᠤᠸᠠᠨ ᠬᠤᠷᠢᠶᠠᠯᠠᠯ ᠳᠤ ᠬᠦᠷᠴᠦ᠂ ᠬᠤᠲᠠ ᠴᠣᠭᠴᠠᠯᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠠᠬᠤᠢ  ᠲᠠᠯᠠᠪᠤᠷ ᠲᠤᠨᠢ ᠪᠠᠶᠢᠴᠠᠭᠠᠨ ᠦᠵᠡᠵᠦ᠂ ᠠᠭᠠᠷ ᠤᠳᠠᠰᠤ ᠵᠡᠷᠭᠡ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠪᠠ ᠱᠠᠭᠠᠷᠳᠠᠯᠭ᠎ᠠ ᠳᠤᠷᠠᠳᠤᠨ᠂ ᠪᠦᠬᠦ ᠤᠯᠤᠰ ᠤᠨ ᠪᠣᠯᠪᠠᠰᠤᠨ ᠬᠤᠳᠠ ᠶᠢ ᠴᠣᠭᠴᠠᠯᠠᠨ ᠪᠠᠶᠢᠭᠤᠯᠬᠤ ᠨᠢ ᠠᠷᠠᠳ ᠤᠯᠠᠨ ᠤ ᠠᠰᠢᠭ ᠲᠤᠰᠠ ᠲᠠᠢ ᠨᠢᠭᠲᠠ ᠬᠤᠯᠪᠤᠭᠳᠠᠵᠤ᠂ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠣᠯᠡᠮ ᠳᠡᠭᠡᠭᠰᠢᠯᠡᠭᠦᠯᠦᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ ᠂  ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠦᠨᠡᠨ ᠪᠣᠲᠠᠳᠠᠢ ᠠᠷᠭ᠎ᠠ ᠬᠡᠮᠵᠢᠶ᠎ᠡ ᠪᠠᠷ ᠬᠤᠳᠠ ᠴᠣᠭᠴᠠᠯᠠᠨ ᠪᠠᠶᠢᠭᠤᠯᠬᠤ ᠠᠵᠢᠯ ᠤᠨ ᠶᠠᠪᠤᠴᠠ ᠳᠤ ᠲᠤᠯᠭᠠᠷᠠᠭᠰᠠᠨ ᠡᠯ᠎ᠡ ᠵᠦᠢᠯ ᠤᠨ ᠠᠰᠠᠭᠤᠳᠠᠯ ᠂ ᠬᠦᠴᠢᠷ ᠲᠦᠪᠡᠭ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ ᠂ ᠬᠤᠳᠠ ᠴᠣᠭᠴᠠᠯᠠᠬᠤ ᠠᠵᠢᠯ ᠤᠨ ᠶᠠᠰᠤ ᠴᠢᠨᠠᠷ ᠢ ᠲᠠᠬᠢᠨ ᠳᠡᠭᠡᠭᠰᠢᠯᠡᠭᠦᠯᠵᠦ ᠂ ᠲᠠᠬᠢᠨ ᠰᠢᠪᠲᠤᠯᠤᠯᠲᠠ ᠬᠢᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃
2_副本.jpg
         ᠳᠠᠷᠠᠭ᠎ᠠ ᠨᠢ᠂ ᠵᠠᠩ ᠾᠧᠩ᠂ ᠯᠢ ᠵᠢᠶᠠᠨ ᠫᠢᠩ ᠨᠠᠷ ᠶᠠᠩ ᠭᠤᠸᠠᠩ ᠬᠤᠸᠠ ᠶᠤᠸᠠᠨ ᠬᠤᠷᠢᠶᠠᠯᠠᠯ ᠳᠤ ᠬᠦᠷᠴᠦ ᠂  ᠬᠤᠷᠢᠶᠠᠯᠠᠯ ᠤᠨ ᠠᠰᠠᠷ ᠤᠨ ᠱᠠᠳᠦ ᠵᠢᠴᠢ ᠴᠠᠬᠢᠯᠭᠠᠨ ᠱᠠᠲᠤ ᠶᠢᠨ ᠥᠷᠥᠭᠡᠨ ᠳᠤ ᠣᠷᠣᠵᠤ᠂ ᠠᠬᠤᠢ ᠲᠠᠯᠠᠪᠤᠷ ᠲᠤ ᠠᠰᠠᠷ ᠤᠨ ᠳᠣᠲᠣᠷᠠᠬᠢ ᠣᠷᠴᠢᠨ ᠲᠣᠭᠤᠷᠢᠨ᠂ ᠴᠠᠬᠢᠯᠭᠠᠨ ᠱᠠᠲᠤ ᠶᠢᠨ ᠥᠷᠦᠭᠡᠨ ᠤ ᠪᠠᠭᠠᠵᠢ ᠲᠥᠬᠦᠭᠡᠷᠦᠮᠵᠢ ᠵᠡᠷᠭᠡ ᠪᠠᠶᠢᠳᠠᠯ ᠢ ᠪᠠᠶᠢᠴᠠᠭᠠᠨ ᠦᠵᠡᠵᠦ᠂ ᠬᠤᠲᠠ ᠴᠣᠭᠴᠠᠯᠠᠵᠤ ᠡᠬᠢᠯᠡᠭᠰᠡᠨ ᠠᠴᠠ ᠨᠠᠭᠠᠰᠢᠬᠢ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠤᠳᠠ  ᠴᠣᠭᠴᠠᠯᠠᠬᠤ ᠠᠵᠢᠯ ᠤᠨ ᠲᠤᠯᠭᠠᠮ᠎ᠠ ᠰᠡᠳᠬᠢᠯᠭᠡ ᠪᠣᠯᠣᠨ ᠬᠠᠷᠢᠭᠤᠴᠠᠯᠭᠠᠲᠤ ᠰᠡᠳᠬᠢᠯᠭᠡ ᠪᠠᠨ ᠥᠨᠡᠨ ᠬᠦ ᠴᠢᠩᠭᠠᠳᠬᠠᠵᠤ ᠂ ᠬᠦᠴᠢᠷ ᠪᠡᠷᠬᠡᠰᠢᠶᠡᠯ ᠢ ᠢᠯᠠᠨ ᠳᠠᠪᠠᠵᠤ ᠂ ᠡᠷᠴᠢ ᠵᠣᠷᠢᠭ ᠢᠶᠠᠨ ᠪᠠᠷᠢᠮᠲᠠᠯᠠᠨ᠂ ᠳᠡᠭᠡᠳᠦ ᠱᠠᠲᠤᠨ ᠤ ᠨᠢᠭᠡᠴᠢ ᠲᠠᠢ ᠪᠤᠳᠤᠯ ᠰᠠᠨᠠᠯ ᠢᠶᠠᠨ ᠰᠣᠯᠢᠯᠴᠠᠨ ᠠᠮᠠ ᠰᠡᠭᠡᠷ ᠵᠣᠯᠭᠠᠭᠤᠯᠬᠤ ᠠᠵᠢᠯ ᠢ ᠭᠦᠢᠴᠡᠳ ᠰᠠᠶᠢᠲᠤᠷ ᠬᠢᠵᠦ ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠦᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠂ ᠬᠤᠳᠠ ᠴᠣᠭᠴᠠᠯᠠᠬᠤ ᠠᠵᠢᠯ ᠤᠨ ᠳᠤᠮᠳᠠᠬᠢ ᠡᠯ᠎ᠡ ᠲᠦᠷᠦᠯ ᠤᠨ ᠠᠰᠠᠭᠤᠳᠠᠯ ᠢ ᠰᠢᠰᠲ᠋ᠧᠮ ᠲᠠᠢ ᠡᠮᠬᠢᠯᠡᠬᠦ ᠶᠢᠨ ᠬᠠᠮᠲᠤ ᠵᠣᠬᠢᠰᠲᠠᠢ ᠰᠢᠢᠳᠪᠦᠷᠢᠯᠡᠵᠦ ᠂ ᠬᠤᠳᠠ ᠴᠣᠭᠴᠠᠯᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ ᠃
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1