ᠰᠣᠶᠣᠯᠴᠡᠴᠡᠭ ᠫᠢᠩᠵᠤᠸᠠᠩ ᠤᠨ ᠵᠡᠭᠦᠨ ᠬᠤᠲᠠ ᠵᠡᠭᠡᠯᠢ ᠭᠤᠳᠤᠮᠵᠢ ᠳᠤ ᠬᠦᠷᠴᠦ ᠬᠤᠲᠠ ᠴᠣᠭᠴᠠᠯᠠᠬᠤ ᠠᠵᠢᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2022/7/29
     7 ᠰᠠᠷ᠎ᠠ ᠶᠢᠨ 22᠎ ᠤᠨ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠳᠤᠭᠤᠶᠢᠯᠠᠩ ᠤᠨ ᠱᠦᠵᠢ᠂ ᠲᠡᠷᠢᠭᠦᠯᠡᠭᠴᠢ ᠰᠣᠶᠣᠯᠴᠡᠴᠡᠭ ᠫᠢᠩᠵᠤᠸᠠᠩ ᠤᠨ ᠵᠡᠭᠦᠨ ᠬᠤᠲᠠ ᠵᠡᠭᠡᠯᠢ ᠭᠤᠳᠤᠮᠵᠢ ᠳᠤ ᠬᠦᠷᠴᠦ᠂ ᠪᠦᠬᠦ ᠤᠯᠤᠰ ᠤᠨ ᠪᠣᠯᠪᠠᠰᠤᠨ ᠬᠤᠳᠠ ᠶᠢ ᠴᠣᠭᠴᠠᠯᠠᠨ ᠪᠠᠶᠢᠭᠤᠯᠬᠤ ᠠᠵᠢᠯ ᠢ ᠠᠬᠤᠢ ᠲᠠᠯᠠᠪᠤᠷ ᠲᠤᠨᠢ ᠬᠢᠨᠠᠨ ᠵᠢᠯᠤᠭᠤᠳᠴᠤ ᠂ ᠱᠠᠯᠠᠪᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠂ ᠬᠤᠷᠢᠶᠠᠯᠠᠯ ᠤᠨ ᠠᠭᠠᠷ ᠤᠳᠠᠰᠤ ᠶᠢ ᠵᠠᠰᠠᠬᠤ ᠵᠡᠷᠭᠡ ᠲᠠᠯ᠎ᠠ ᠪᠠᠷ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠂ ᠫᠢᠩᠵᠤᠸᠠᠩ ᠎ ᠤᠨ ᠵᠡᠭᠦᠨ ᠬᠤᠲᠠ ᠵᠡᠭᠡᠯᠢ ᠭᠤᠳᠤᠮᠵᠢ ᠶᠢᠨ ᠭᠤᠣᠯ ᠬᠠᠷᠢᠭᠤᠴᠠᠯᠭᠠᠲᠠᠨ ᠨᠥᠬᠦᠳ ᠲᠠᠢ ᠰᠠᠨᠠᠯ ᠪᠣᠳᠣᠯ ᠢᠶᠠᠨ ᠰᠣᠯᠢᠯᠴᠠᠨ ᠭᠦᠨᠵᠡᠭᠡᠢ ᠶᠠᠷᠢᠯᠴᠠᠵᠤ ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠶᠢ ᠬᠠᠮᠲᠤᠪᠠᠷ  ᠰᠣᠳᠤᠯᠤᠨ᠂ ᠬᠤᠳᠠ ᠴᠣᠭᠴᠠᠯᠠᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ ᠃
1_副本.jpg
         ᠰᠣᠶᠣᠯᠴᠡᠴᠡᠭ ᠂ ᠬᠤᠳᠠ ᠴᠣᠭᠴᠠᠯᠠᠬᠤ ᠠᠵᠢᠯ ᠤᠨ ᠴᠠᠭ ᠪᠠᠴᠢᠮ ᠡᠭᠦᠷᠭᠡ ᠬᠦᠨᠳᠦ ᠂ ᠶᠤᠸᠠᠨ ᠪᠦᠦ ᠱᠠᠨ ᠲᠣᠭᠤᠷᠢᠭ ᠤᠨ ᠳᠡᠭᠡᠳᠦ ᠳᠣᠣᠷᠠᠳᠤ ᠱᠠᠲᠤᠨ ᠤ ᠬᠢᠨ ᠤᠯᠤᠰ ᠲᠦᠷᠦ ᠶᠢᠨ ᠵᠣᠭᠰᠣᠴᠠ ᠪᠠᠨ ᠣᠯᠡᠮ ᠳᠡᠭᠡᠭᠰᠢᠯᠡᠭᠦᠯᠵᠦ ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠨ᠂ ᠣᠳᠣᠬᠠᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠳᠤᠲᠠᠭᠳᠠᠯ ᠲᠠᠢ ᠲᠠᠯ᠎ᠠ ᠪᠠᠭᠤᠷᠠᠢ  ᠲᠠᠯ᠎ᠠ ᠳᠤ ᠵᠥᠪ ᠢᠶᠠᠷ ᠬᠠᠨᠳᠤᠵᠤ ᠂ ᠨᠡᠩ ᠤᠯᠠᠨ ᠦᠨᠡᠨ ᠪᠣᠳᠠᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠬᠤᠳᠠ ᠴᠣᠭᠴᠠᠯᠠᠬᠤ ᠪᠣᠭᠤᠮᠲᠠ ᠰᠢᠪᠲᠤᠯᠬᠤ ᠲᠤᠯᠤᠯᠳᠤᠭᠠᠨ ᠢ ᠰᠠᠶᠢᠲᠤᠷ ᠬᠢᠬᠦ ᠬᠡᠷᠡᠭᠲᠡᠢ᠃ ᠰᠢᠰᠲ᠋ᠧᠮ ᠤᠨ ᠪᠠᠷᠢᠮᠵᠢᠶ᠎ᠠ ᠎ ᠲᠠᠢ ᠨᠠᠷᠢᠨ ᠬᠢᠨᠠᠮᠠᠭᠠᠢ   ᠬᠠᠷᠭᠤᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠰᠠᠯᠠᠭ᠎ᠠ ᠮᠥᠴᠢᠷ ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭ᠎ᠠ   ᠨᠠᠶᠢᠳᠠᠪᠤᠷᠢᠵᠢᠭᠤᠯᠵᠤ᠂ ᠨᠢᠭᠡ ᠨᠢᠭᠡ ᠪᠠᠷ ᠠᠳᠬᠤᠨ᠂ ᠨᠢᠭᠡ ᠨᠢᠭᠡ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ ᠃ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠦᠨᠡᠨ ᠬᠦ ᠳᠡᠭᠡᠭᠰᠢᠯᠡᠭᠦᠯᠵᠦ ᠂ ᠤᠷᠲᠤᠮᠵᠢ ᠶᠢᠨ ᠲᠣᠭᠤᠷᠢᠨ ᠪᠠᠶᠢᠴᠠᠭᠠᠬᠤ᠂ ᠬᠢᠨᠠᠯᠲᠠ ᠲᠠᠯᠪᠢᠬᠤ᠂ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠠᠶᠢᠭᠤᠯᠵᠤ ᠂ ᠬᠤᠳᠠ ᠶᠢᠨ ᠳᠦᠷᠢ ᠳᠥᠷᠬᠦ᠂ ᠵᠠᠮ ᠬᠠᠷᠢᠯᠴᠠᠭᠠᠨ ᠤ ᠡᠮᠬᠢ ᠳᠢᠭᠯᠢᠮ ᠂ ᠪᠠᠭ᠎ᠠ ᠭᠤᠳᠤᠮᠵᠢ ᠶᠢ ᠲᠥᠪᠯᠡᠷᠡᠭᠦᠯᠦᠨ ᠵᠠᠰᠠᠬᠤ ᠶᠢ ᠪᠠᠶᠢᠩᠭᠤ ᠥᠷᠨᠢᠭᠦᠯᠵᠦ ᠂ ᠠᠰᠠᠭᠤᠳᠠᠯ ᠢ ᠡᠷᠲᠡ ᠢᠯᠡᠷᠡᠭᠦᠯᠬᠦ ᠂ ᠳᠤᠲᠠᠭᠳᠠᠯ ᠢ ᠡᠷᠲᠡ ᠨᠥᠬᠦᠪᠦᠷᠢᠯᠡᠬᠦ ᠂ ᠬᠦᠴᠢᠷ ᠠᠰᠠᠭᠤᠳᠠᠯ ᠢ ᠡᠷᠲᠡ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ ᠃ ᠡᠯ᠎ᠡ ᠱᠠᠲᠤᠨ ᠤ ᠺᠠᠳ᠋ᠷᠴᠤᠳ ᠬᠠᠷᠢᠭᠤᠴᠠᠯᠭ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠰᠠᠨᠠᠭᠠᠴᠢᠯᠠᠭ᠎ᠠ ᠎ ᠠᠴᠠ ᠪᠠᠨ ᠳᠣᠷᠤᠭᠰᠢ ᠪᠠᠭᠤᠨ ᠨᠡᠶᠢᠭᠡᠮ ᠲᠣᠭᠤᠷᠢᠭ ᠤᠨ ᠬᠦᠴᠦᠨ ᠢ ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠢ ᠬᠠᠪᠰᠤᠷᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠂ ᠬᠤᠲᠠ ᠴᠣᠭᠴᠠᠯᠠᠬᠤ ᠠᠵᠢᠯ ᠢ ᠪᠣᠳᠠᠲᠠᠢ ᠪᠦᠭᠡᠳ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1