ᠵᠢᠶᠠᠨ ᠴᠠᠩ ᠶᠢᠩ ᠲᠣᠰᠬᠤᠨ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/7/4
       1_副本.jpg
         7 ᠰᠠᠷ᠎ᠠ ᠶᠢᠨ 1᠎ ᠤ ᠡᠳᠦᠷ ᠂ ᠶᠤᠸᠠᠨ ᠪᠦᠦ ᠱᠠᠨ ᠪᠠᠯᠭᠠᠰᠤ ᠶᠢᠨ ᠵᠢᠶᠠᠨ ᠴᠠᠩ ᠶᠢᠩ ᠲᠣᠰᠬᠤᠨ ᠤ ᠨᠠᠮ ᠤᠨ ᠡᠭᠦᠷ ᠲᠤᠰ ᠲᠣᠰᠬᠤᠨ ᠤ ᠪᠠᠨ 116 ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠤᠯᠠᠭᠠᠨᠬᠠᠳᠠ ᠬᠤᠳᠠ ᠶᠢᠨ ᠶᠠ ᠎ ᠲᠠᠢ ᠤᠢ ᠰᠢᠭᠤᠢ ᠶᠢᠨ ᠪᠢᠴᠢᠬᠠᠨ ᠪᠠᠯᠭᠠᠰᠤ ᠂ ᠬᠠᠷᠠᠴᠢᠨ ᠬᠤᠰᠢᠭᠤᠨ ᠤ ᠴᠢᠨ ᠸᠠᠩ ᠤᠨ ᠣᠷᠳᠣᠨ ᠳᠤ ᠬᠥᠷᠴᠦ᠂ ︽ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠰᠢᠨ᠎ᠡ ᠠᠶᠠᠨ ᠵᠠᠮ ᠎ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ ᠰᠢᠷᠢᠰ ᠠᠵᠢᠯᠯᠠᠭ᠎ᠠ ᠶᠢ ᠥᠷᠨᠢᠭᠦᠯᠵᠦ ᠂ ᠨᠠᠮ ᠪᠠᠶᠢᠭᠤᠯᠤᠭᠳᠠᠭᠰᠠᠨ 101 ᠵᠢᠯ ᠤᠨ ᠤᠢ ᠶᠢ ᠪᠡᠯᠭᠡᠯᠡᠨ᠂ ᠪᠦᠬᠦ ᠲᠣᠰᠬᠤᠨ ᠤ ᠨᠠᠮ ᠤᠨ ᠭᠡᠰᠢᠭᠦᠨ ᠺᠠᠳ᠋ᠷᠴᠤᠳ ᠤᠨ ︽ ᠨᠠᠮ ᠢᠶᠠᠨ ᠣᠶᠢᠯᠠᠭᠠᠬᠤ᠂ ᠨᠠᠮ ᠢᠶᠠᠨ ᠬᠠᠶᠢᠷᠠᠯᠠᠬᠤ ᠂ ᠨᠠᠮ ᠢᠶᠠᠨ ᠢᠲᠡᠭᠡᠬᠦ ᠂ ᠨᠠᠮ ᠢᠶᠠᠨ ᠮᠠᠭᠲᠠᠨ ᠳᠠᠭᠤᠯᠠᠬᠤ︾ ᠰᠡᠳᠬᠢᠯᠭᠡ ᠶᠢ ᠤᠯᠠᠮ ᠬᠥᠭᠵᠢᠭᠡᠵᠦ ᠂ ᠬᠤᠪᠢᠰᠬᠠᠯ ᠤᠨ ᠭᠧᠨ ᠢ ᠬᠡᠬᠦᠳᠡᠭ ᠴᠡᠭᠡᠵᠢᠨ ᠳᠤ ᠨᠢ ᠥᠨᠳᠦᠰᠦᠯᠡᠭᠦᠯᠵᠠᠢ᠃
2_副本.jpg
3_副本.jpg
         ᠲᠣᠰᠬᠤᠨ ᠤ ᠨᠠᠮ ᠤᠨ ᠡᠭᠦᠷ ᠶᠠ ᠲᠠᠢ ᠣᠶ ᠰᠢᠭᠤᠢ ᠶᠢᠨ ᠪᠢᠴᠢᠬᠠᠨ ᠪᠠᠯᠭᠠᠰᠤᠨ ᠳᠤ ᠤᠷᠢᠳ ᠬᠤᠵᠢᠳ ︽ᠪᠣᠯᠪᠠᠰᠤᠨ ᠰᠤᠷᠲᠠᠯ ᠢ ᠪᠢᠳᠡ ᠤᠷᠢᠳᠠᠪᠠᠷ ᠡᠷᠬᠢᠮᠯᠡᠵᠦ ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠵᠢᠷᠤᠭᠯᠠᠬᠤ︾ ᠰᠠᠨᠠᠭᠠᠴᠢᠯᠠᠭ᠎ᠠ ᠶᠢᠨ ᠠᠵᠢᠯᠯᠠᠭ᠎ᠠ᠂ ︽ ᠬᠦᠬᠡᠮᠳᠦᠭ ᠰᠠᠶᠢᠬᠠᠨ ᠠᠭᠤᠯᠠ ᠤᠰᠤ ᠪᠠᠷ ᠠᠯᠬᠤᠯᠠᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠠᠶᠠᠨ ᠢ ᠡᠬᠢᠯᠡᠭᠦᠯᠦᠶ᠎ᠡ︾ ᠭᠡᠬᠦ ᠠᠯᠬᠤᠬᠤ ᠬᠥᠳᠡᠯᠭᠡᠭᠡᠨ ᠪᠠ ︽ᠲᠦᠮᠡᠨ ᠣᠯᠠᠨ ᠢᠶᠠᠷ ᠢᠶᠠᠨ ᠰᠡᠳᠬᠢᠯ ᠨᠢᠭᠡᠳᠦᠨ ᠨᠠᠮ ᠤᠨ ᠢᠶᠠᠨ ᠦᠭᠡ ᠶᠢ ᠰᠣᠨᠣᠰᠴᠤ᠂ ᠡᠷᠡᠰ ᠭᠤᠶᠢᠪᠢᠰᠢ ᠦᠭᠡᠢ ᠪᠠᠷ ᠨᠠᠮ ᠢᠶᠠᠨ ᠳᠠᠭᠠᠬᠤ︾ ᠵᠢᠷᠤᠭ ᠨᠡᠶᠢᠯᠡᠭᠦᠯᠬᠦ ᠠᠵᠢᠯᠯᠠᠭ᠎ᠠ ᠶᠢ ᠥᠷᠨᠢᠭᠦᠯᠪᠡ︔ ᠬᠠᠷᠠᠴᠢᠨ ᠴᠢᠨ ᠸᠠᠩ ᠤᠨ ᠣᠷᠳᠣᠨ ᠳᠤ ︽ ᠵᠣᠯ ᠵᠢᠷᠭᠠᠯᠲᠤ ᠠᠮᠢᠳᠤᠷᠠᠯ ᠢ ᠬᠠᠮᠲᠤᠪᠠᠷ ᠴᠢᠷᠮᠠᠶᠢᠨ ᠲᠡᠮᠡᠴᠡᠵᠦ ᠂ ᠦᠨᠳᠦᠰᠦᠲᠡᠨ ᠨᠦᠭᠦᠳ ᠪᠦᠯᠬᠦᠮᠳᠡᠨ ᠬᠠᠮᠲᠤᠪᠠᠷ ᠴᠡᠴᠡᠭᠯᠡᠬᠦ ︾ ᠬᠤᠪᠢᠰᠬᠠᠯ ᠤᠨ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠡᠢ ᠃
4_副本.png
         ᠲᠣᠰ ᠤᠳᠠᠭᠠᠨ ᠤ ᠭᠤᠣᠯ ᠰᠡᠳᠦᠪᠲᠦ ᠨᠠᠮ ᠤᠨ ᠡᠳᠦᠷ ᠤᠨ ᠰᠢᠷᠢᠰ ᠠᠵᠢᠯᠯᠠᠭ᠎ᠠ ᠪᠠᠷ ᠳᠡᠮᠵᠢᠨ᠂ ᠨᠠᠮ ᠤᠨ ᠭᠡᠰᠢᠭᠦᠳ ᠬᠦᠰᠡᠯᠡᠩ ᠢᠲᠡᠭᠡᠯ ᠪᠢᠰᠢᠷᠡᠯ ᠢᠶᠠᠨ ᠤᠯᠠᠮ ᠨᠢᠭᠡ ᠠᠯᠬᠤᠮ ᠪᠠᠲᠤᠵᠢᠭᠤᠯᠵᠤ ᠂ ᠳᠠᠷᠬᠠᠨ ᠡᠭᠦᠷᠭᠡ ᠬᠠᠷᠢᠭᠤᠴᠠᠯᠭ᠎ᠠ ᠪᠠᠨ ᠨᠡᠩ ᠭᠦᠨᠵᠡᠭᠡᠢ ᠮᠡᠳᠡᠷᠡᠨ ᠂ ᠢᠷᠡᠭᠡᠳᠦᠢ ᠳᠤ ᠨᠠᠩ ᠴᠤᠭ ᠪᠠᠳᠠᠷᠠᠩᠭᠤᠢ ᠣᠶᠤᠨ ᠰᠠᠨᠠᠭᠠᠨ ᠤ ᠳᠦᠷᠰᠦ ᠪᠠᠶᠢᠳᠠᠯ ᠪᠠ ᠴᠤᠴᠠᠯᠲᠠ ᠦᠭᠡᠢ ᠲᠡᠮᠡᠴᠡᠬᠦ ᠳᠦᠷᠢ ᠪᠠᠶᠢᠳᠠᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠵᠦ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠶᠠᠷᠯᠠᠨ ᠤᠭᠲᠤᠨ᠎ᠠ ᠭᠡᠵᠦ ᠢᠯᠡᠳᠬᠡᠵᠡᠭᠡᠪᠡ᠃  
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1