| | | | 7 ᠰᠠᠷ᠎ᠠ ᠶᠢᠨ 1 ᠤ ᠡᠳᠦᠷ ᠂ ︽ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ ᠰᠢᠨ᠎ᠡ ᠠᠶᠠᠨ ᠢᠶᠠᠨ | ᠳᠠᠭᠤᠷᠢᠰᠤᠭᠤᠯᠤᠶᠠ︾ ᠭᠡᠬᠦ ᠭᠤᠣᠯ ᠰᠡᠳᠦᠪᠲᠦ 2022 ᠣᠨ ᠤ ᠶᠤᠸᠠᠨ ᠪᠦᠦ ᠱᠠᠨ ᠲᠣᠭᠤᠷᠢᠭ ᠤᠨ ︽ | ᠲᠤᠯᠤᠭᠠᠨ ᠰᠠᠷ᠎ᠠ ᠶᠢᠨ ᠨᠢᠭᠡᠨ ᠢ ᠪᠡᠯᠭᠡᠯᠡᠵᠦ ᠨᠠᠮ ᠤᠨ ᠠᠴᠢ ᠶᠢ ᠮᠠᠭᠲᠠᠨ ᠳᠠᠭᠤᠯᠠᠬᠤ︾ ᠤᠨᠤᠯ ᠤᠨ ᠤᠬᠠᠭᠤᠯᠤᠨ | ᠲᠠᠶᠢᠯᠪᠤᠷᠢᠯᠠᠬᠤ ᠤᠷᠤᠯᠳᠤᠭᠠᠨ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠲᠤ ᠶᠠᠪᠤᠭᠳᠠᠪᠠ ᠃ ᠲᠣᠭᠤᠷᠢᠭ ᠤᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠤᠸᠠᠨ ᠶᠦᠨ ᠾᠧ | ᠤᠷᠤᠯᠳᠤᠭᠠᠨ ᠤ ᠠᠵᠢᠯᠯᠠᠭ᠎ᠠ ᠳᠤ ᠣᠷᠣᠯᠴᠠᠪᠠ᠃ | | | | ᠲᠤᠰ ᠤᠳᠠᠭᠠᠨ ᠤ ᠤᠷᠤᠯᠳᠤᠭᠠᠨ ᠢ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ | ᠭᠤᠣᠯᠯᠠᠨ ᠡᠷᠬᠢᠯᠡᠵᠦ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠵᠤ ᠂ ᠺᠠᠳ᠋ᠷ | ᠤᠯᠠᠨ ᠲᠦᠮᠡᠨ ᠤ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠬᠠᠷᠢᠭᠤᠴᠠᠯᠭ᠎ᠠ ᠪᠠᠨ ᠪᠠᠲᠤ ᠡᠭᠦᠷᠭᠡᠯᠡᠨ ᠡᠷᠴᠢ | ᠵᠣᠷᠢᠭ ᠢᠶᠠᠨ ᠬᠥᠪᠴᠢᠯᠡᠬᠦ ᠶᠢ ᠵᠣᠷᠢᠭᠵᠢᠭᠤᠯᠵᠤ᠂ ᠨᠠᠮ ᠤᠨ ᠣᠨᠣᠯ ᠤᠨ ᠰᠢᠨ᠎ᠡ ᠡᠭᠦᠳᠦᠯᠲᠡ ᠲᠦᠭ ᠲᠦᠮᠡᠨ ᠠᠶᠢᠯ | ᠡᠷᠦᠬᠡ ᠳᠤ ᠳᠡᠯᠭᠡᠷᠡᠬᠦ ᠶᠢ ᠠᠬᠢᠭᠤᠯᠵᠤ ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ | ᠠᠮᠵᠢᠯᠲᠠ ᠲᠠᠢ ᠬᠤᠷᠠᠯᠳᠤᠬᠤ ᠶᠢ ᠤᠭᠲᠤᠬᠤ ᠪᠠᠷ ᠵᠣᠷᠢᠯᠭ᠎ᠠ ᠪᠠᠨ ᠪᠣᠯᠭᠠᠭᠰᠠᠨ ᠪᠠᠶᠢᠨ᠎ᠠ ᠃ | | | | ᠤᠷᠤᠯᠳᠤᠭᠠᠨ ᠤ ᠶᠠᠪᠤᠴᠠ ᠳᠤ ᠂ 14 ᠣᠷᠤᠯᠴᠠᠭᠴᠢ ᠥᠪᠡᠷ ᠤᠨ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ | ᠪᠣᠯᠣᠨ ᠦᠰᠦᠨ ᠪᠣᠶᠢᠵᠢᠭᠰᠠᠨ ᠥᠩᠭᠡᠷᠡᠯᠲᠡ ᠂ ᠰᠤᠷᠤᠯᠴᠠᠭᠰᠠᠨ ᠲᠥᠷᠥᠭᠳᠡᠯ ᠵᠡᠷᠭᠡ ᠲᠠᠢ ᠪᠠᠨ ᠤᠶᠠᠯᠳᠤᠭᠤᠯᠤᠨ᠂ | ᠣᠷᠭᠢᠯᠤᠮ᠎ᠠ ᠬᠠᠯᠠᠭᠤᠨ ᠴᠢᠩ ᠦᠨᠡᠨᠴᠢ ᠰᠡᠳᠬᠢᠯᠭᠡ ᠪᠠᠷ ᠠᠮᠢᠳᠣ ᠪᠣᠳᠠᠲᠠᠢ ᠦᠯᠢᠭᠡᠷ ᠶᠠᠷᠢᠵᠤ ᠂ ᠤᠨᠤᠯ ᠢ | ᠪᠡᠶ᠎ᠡ ᠶᠢᠨ ᠢᠶᠠᠨ ᠳᠡᠷᠭᠡᠲᠡᠬᠢ ᠪᠣᠳᠠᠲᠤ ᠦᠯᠢᠭᠡᠷ ᠤᠳ ᠲᠤ ᠠᠭᠤᠰᠬᠠᠨ᠂ ᠮᠠᠨ ᠤ ᠲᠣᠭᠤᠷᠢᠭ ᠤᠨ ᠥᠷᠭᠡᠨ ᠤᠯᠠᠨ | ᠺᠠᠳ᠋ᠷ ᠠᠵᠢᠯᠲᠠᠨ ᠤ ᠴᠢᠷᠮᠠᠶᠢᠨ ᠰᠤᠷᠤᠯᠴᠠᠵᠤ ᠴᠢᠳᠠᠮᠠᠭᠠᠢ ᠪᠠᠷ ᠰᠡᠳᠬᠢᠬᠦ ᠂ ᠵᠣᠷᠢᠭᠲᠠᠢ ᠪᠠᠷ ᠬᠠᠷᠢᠭᠤᠴᠠᠯᠭ᠎ᠠ ᠪᠠᠨ | ᠡᠭᠦᠷᠭᠡᠯᠡᠨ᠂ ᠪᠣᠳᠠᠲᠠᠢ ᠠᠵᠢᠯᠯᠠᠨ ᠬᠤᠰᠢᠭᠤᠷᠠᠬᠤ ᠪᠠᠷ ᠴᠢᠷᠮᠠᠶᠢᠬᠤ ᠣᠪᠣᠷ ᠪᠠᠶᠢᠳᠠᠯ ᠢ ᠭᠦᠢᠴᠡᠳ ᠢᠯᠡᠷᠡᠭᠦᠯᠵᠡᠢ ᠃ | ᠲᠤᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠨᠢ ᠭᠤᠣᠯ ᠰᠡᠳᠦᠪ ᠢᠯᠡ ᠲᠣᠳᠣ ᠪᠦᠭᠡᠳ | ᠠᠭᠤᠯᠭ᠎ᠠ ᠨᠢ ᠭᠤᠶᠢᠳᠠ ᠰᠠᠶᠢᠬᠠᠨ ᠪᠠᠶᠢᠵᠤ ᠂ ᠠᠬᠤᠢ ᠲᠠᠯᠠᠪᠤᠷ ᠤᠨ ᠦᠵᠡᠭᠴᠢᠳ ᠲᠤ ᠨᠢᠭᠡ ᠤᠳᠠᠭᠠᠨ ᠤ ᠭᠦᠨ | ᠭᠦᠨᠵᠡᠭᠡᠢ ᠦᠵᠡᠯ ᠰᠠᠨᠠᠭᠠᠨ ᠤ ᠬᠦᠮᠦᠵᠢᠯ ᠂ ᠡᠯᠪᠡᠭ ᠪᠠᠶᠠᠯᠢᠭ ᠣᠨᠤᠯ ᠤᠨ ᠮᠡᠳᠡᠯᠭᠡ ᠬᠥᠷᠲᠡᠭᠡᠭᠰᠡᠨ ᠢᠶᠠᠷ ᠪᠠᠷᠠᠬᠤ | ᠦᠭᠡᠢ ᠥᠷᠭᠡᠨ ᠤᠯᠠᠨ ᠺᠠᠳ᠋ᠷ ᠠᠵᠢᠯᠲᠠᠳ ᠤᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠬᠦᠰᠡᠯᠡᠩ | ᠢᠲᠡᠭᠡᠯ ᠪᠢᠰᠢᠷᠡᠯ ᠢ ᠤᠯᠠᠮᠵᠢᠯᠠᠨ ᠵᠠᠯᠭᠠᠮᠵᠢᠯᠠᠬᠤ ᠶᠢ ᠤᠯᠠᠮ ᠴᠢᠨᠠᠭᠰᠢᠳᠠ ᠬᠥᠲᠥᠯᠥᠨ ᠵᠢᠯᠤᠭᠤᠳᠴᠤ ᠂ ᠨᠠᠮ ᠢᠶᠠᠨ | ᠲᠠᠭᠠᠬᠤ ᠡᠷᠴᠢ ᠵᠣᠷᠢᠭ ᠢ ᠪᠠᠲᠤᠵᠢᠭᠤᠯᠤᠨ᠂ ᠵᠠᠯᠠᠭᠤ ᠺᠠᠳ᠋ᠷᠴᠤᠳ ᠤᠨ ᠤᠬᠠᠭᠤᠯᠤᠨ ᠲᠠᠶᠢᠯᠪᠤᠷᠢᠯᠠᠬᠤ ᠴᠢᠳᠠᠪᠤᠷᠢ ᠶᠢ | ᠳᠡᠭᠡᠭᠰᠢᠯᠡᠭᠦᠯᠵᠦ ᠂ ᠲᠡᠳᠡᠨ ᠤ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠥᠪᠡᠷ ᠤᠨ ᠰᠤᠷᠤᠯᠴᠠᠯᠭ᠎ᠠ ᠪᠠᠨ | ᠴᠢᠩᠭᠠᠳᠬᠠᠵᠤ ᠂ ᠴᠠᠭ ᠦᠶ᠎ᠡ ᠲᠠᠢ ᠠᠯᠬᠤᠮ ᠢᠶᠠᠨ ᠨᠢᠭᠡᠳᠬᠡᠨ᠂ ᠮᠠᠨ ᠤ ᠲᠣᠭᠤᠷᠢᠭ ᠤᠨ ᠴᠢᠨᠠᠷ ᠰᠠᠶᠢᠲᠠᠢ | ᠬᠥᠭᠵᠢᠯᠲᠡ ᠶᠢ ᠪᠡᠶᠡᠯᠡᠭᠦᠯᠬᠦ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠪᠠ ᠃ | | |