ᠤᠯᠠᠭᠠᠨᠬᠠᠳᠠ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠠᠴᠠ ᠢᠷᠡᠬᠦ ︵ᠪᠤᠴᠠᠵᠤ ᠢᠷᠡᠬᠦ︶ ᠬᠥᠮᠥᠰ ᠢ ᠬᠠᠮᠢᠶᠠᠷᠤᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2022/8/1
                     ︵ 2022 ︶ 38 ᠳ᠋ᠤᠭᠠᠷ ᠲᠣᠭᠠᠲᠤ      7 ᠰᠠᠷ᠎ᠠ ᠶᠢᠨ 30᠎ ᠤ ᠡᠳᠦᠷ᠂ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠠᠷᠭ᠎ᠠ ᠴᠢᠨᠠᠷᠲᠠᠢ 2 ᠬᠠᠯᠳᠠᠪᠤᠷᠢᠯᠠᠭᠰᠠᠳ ᠢ ᠮᠡᠳᠡᠭᠦᠯᠵᠦ᠂ ᠬᠢᠵᠢᠭ ᠤᠨ ᠪᠠᠶᠢᠳᠠᠯ ᠤᠨ ᠭᠠᠳᠠᠨ᠎ᠠ ᠠᠴᠠ ᠬᠠᠯᠳᠠᠪᠤᠷᠢᠯᠠᠨ ᠣᠷᠤᠵᠤ ᠢᠷᠡᠬᠦ ᠲᠦᠭᠰᠢᠭᠦᠷᠢ ᠨᠡᠯᠢᠶᠡᠳ ᠶᠡᠭᠡ ᠪᠠᠶᠢᠵᠤ᠂ ᠰᠡᠷᠭᠡᠶᠢᠯᠡᠨ ᠡᠵᠡᠮᠳᠡᠬᠦ ᠳᠠᠷᠤᠯᠲᠠ ᠯᠤᠲᠤ ᠶᠡᠭᠡ ᠪᠠᠶᠢᠨ᠎ᠠ᠃ ᠮᠠᠨ ᠤ ᠬᠤᠲᠠ ᠶᠢᠨ ︽ᠭᠠᠳᠠᠨ᠎ᠠ ᠎ ᠠᠴᠠ ᠬᠠᠯᠳᠠᠪᠤᠷᠢᠯᠠᠨ ᠣᠷᠤᠵᠤ ᠢᠷᠡᠬᠦ ᠶᠢ ᠰᠡᠷᠭᠡᠶᠢᠯᠡᠬᠦ︾ ᠠᠵᠢᠯ ᠢ ᠤᠯᠠᠮ ᠰᠠᠶᠢᠲᠤᠷ ᠬᠢᠬᠦ ᠶᠢᠨ ᠲᠥᠯᠥᠭᠡ᠂ ᠡᠳᠦᠭᠡ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠠᠴᠠ ᠤᠯᠠᠭᠠᠨᠬᠠᠳᠠ ᠳᠤ ᠢᠷᠡᠬᠦ ︵ᠪᠣᠴᠠᠵᠤ ᠢᠷᠡᠬᠦ︶ ᠬᠥᠮᠥᠰ ᠢ ᠬᠠᠮᠢᠶᠠᠷᠤᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠳᠣᠣᠷᠠᠬᠢ ᠮᠡᠲᠦ ᠵᠠᠷᠯᠠᠶ᠎ᠠ᠄     ᠨᠢᠭᠡ᠂ 7 ᠳ᠋ᠤᠭᠠᠷ ᠰᠠᠷ᠎ᠠ ᠶᠢᠨ 23᠎ ᠤ ᠡᠳᠦᠷ ᠠᠴᠠ ᠨᠠᠭᠠᠰᠢ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ  ᠎ ᠠᠴᠠ ᠤᠯᠠᠭᠠᠨᠬᠠᠳᠠ ᠳᠤ ᠢᠷᠡᠬᠦ ︵ᠪᠣᠴᠠᠵᠤ ᠢᠷᠡᠬᠦ︶ ᠬᠦᠮᠦᠰ ᠪᠠᠶᠢᠭ᠎ᠠ ᠭᠠᠵᠠᠷ ᠤᠨ ᠢᠶᠠᠨ ᠨᠡᠶᠢᠭᠡᠮ ᠲᠣᠭᠤᠷᠢᠭ ︵ᠭᠠᠴᠠᠭ᠎ᠠ ᠲᠤᠰᠬᠤᠨ︶᠂ ᠨᠢᠭᠡᠴᠢ ᠪᠤᠶᠤ ᠰᠠᠭᠤᠭ᠎ᠠ ᠪᠠᠭᠤᠳᠠᠯ ᠳᠤ ᠎ ᠪᠠᠨ ᠳᠠᠷᠤᠶᠢᠬᠠᠨ ᠮᠡᠳᠡᠭᠦᠯᠦᠨ ᠳᠠᠩᠰᠠᠯᠠᠭᠤᠯᠵᠤ᠂ ᠬᠤᠪᠢ ᠬᠥᠮᠥᠨ ᠤ ᠰᠡᠷᠭᠡᠶᠢᠯᠡᠨ ᠬᠠᠮᠠᠭᠠᠯᠠᠯᠲᠠ ᠪᠠᠨ ᠰᠠᠶᠢᠲᠤᠷ ᠬᠢᠭᠰᠡᠨ ᠤᠷᠢᠲᠠᠯ ᠳᠣᠣᠷ᠎ᠠ᠂ ᠪᠥᠭᠡᠮ ᠬᠦᠴᠢᠯ ᠤᠨ ᠰᠢᠨᠵᠢᠯᠡᠭᠡ᠂ ᠲᠦᠭᠰᠢᠭᠦᠷᠢ ᠶᠢ ᠡᠩᠨᠡᠭᠦᠯᠦᠨ ᠪᠠᠶᠢᠴᠠᠭᠠᠬᠤ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ᠂ ᠲᠤᠰᠠᠭᠠᠷᠯᠠᠨ ᠬᠠᠮᠢᠶᠠᠷᠤᠨ ᠡᠵᠡᠮᠳᠡᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ ᠎ ᠠᠴᠠ ᠪᠠᠨ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠢ᠃  ᠮᠡᠳᠡᠭᠦᠯᠬᠦ ᠦᠭᠡᠢ ᠨᠢᠭᠤᠬᠤ᠂ ᠬᠤᠳᠠᠯ ᠢᠶᠠᠷ ᠮᠡᠳᠡᠭᠦᠯᠬᠦ ᠪᠤᠶᠤ ᠲᠣᠭᠲᠠᠭᠠᠯ ᠶᠣᠰᠣᠭᠠᠷ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠢ ᠠᠴᠠ ᠪᠣᠯᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠪᠤᠶᠤ ᠪᠤᠰᠤᠳ ᠬᠦᠨᠳᠦ ᠨᠣᠴᠢᠲᠠᠢ ᠦᠷ᠎ᠡ ᠳ᠋ᠦᠩ ᠢ ᠪᠣᠶ ᠪᠣᠯᠭᠠᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠬᠠᠷᠢᠭᠤᠴᠠᠯᠭ᠎ᠠ ᠨᠡᠬᠡᠮᠵᠢᠯᠡᠬᠦ ᠪᠠ ᠰᠢᠢᠳᠬᠡᠵᠦ᠂ ᠬᠦᠨᠳᠦ ᠨᠣᠴᠢᠲᠠᠢ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃     ᠬᠤᠶᠠᠷ᠂ ᠡᠯ᠎ᠡ ᠬᠤᠰᠢᠭᠤ ᠰᠢᠶᠠᠨ ᠲᠣᠭᠤᠷᠢᠭ ᠭᠤᠣᠯᠳᠠᠯᠭ᠎ᠠ ᠲᠠᠢ ᠬᠥᠮᠥᠰ ᠢ ᠡᠩᠨᠡᠭᠦᠯᠦᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ 7 ᠳ᠋ᠤᠭᠠᠷ ᠰᠠᠷ᠎ᠠ ᠶᠢᠨ 23᠎ ᠤ ᠡᠳᠦᠷ ᠠᠴᠠ ᠨᠠᠭᠠᠰᠢ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠎ ᠳᠤ  ᠶᠠᠪᠤᠵᠤ ᠰᠠᠭᠤᠭᠰᠠᠨ ᠬᠦᠮᠦᠰ ᠲᠤ ︽3 ᠡᠳᠦᠷ ᠲᠤ 2 ᠤᠳᠠᠭ᠎ᠠ ᠶᠢᠨ ᠪᠥᠭᠡᠮ ᠬᠦᠴᠢᠯ ᠤᠨ ᠰᠢᠨᠵᠢᠯᠡᠭᠡ ᠬᠢᠬᠦ︾ ︵2 ᠤᠳᠠᠭ᠎ᠠ ᠶᠢᠨ ᠪᠥᠭᠡᠮ ᠬᠦᠴᠢᠯ ᠤᠨ ᠰᠢᠨᠵᠢᠯᠡᠭᠡ ᠶᠢᠨ ᠬᠤᠭᠤᠷᠤᠨᠳᠤᠬᠢ ᠠᠯᠤᠰᠯᠠᠬᠤ ᠬᠤᠭᠤᠴᠠᠭ᠎ᠠ ᠨᠢ 24 ᠴᠠᠭ ᠠᠴᠠ ᠳᠡᠭᠡᠭᠰᠢ ᠪᠠᠶᠢᠬᠤ︶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ ︵ᠴᠠᠭ ᠎ ᠢ ᠨᠢ ᠤᠯᠠᠭᠠᠨᠬᠠᠳᠠ ᠳᠤ ᠪᠣᠴᠠᠵᠤ ᠢᠷᠡᠭᠰᠡᠨ ᠡᠳᠦᠷ ᠠᠴᠠ ᠡᠬᠢᠯᠡᠵᠦ ᠪᠤᠳᠤᠨ᠎ᠠ︶᠂ ᠡᠭᠦᠨ ᠳᠤ ᠦᠨᠳᠦᠷ ᠲᠥᠭᠰᠢᠭᠦᠷᠢᠲᠡᠢ ᠭᠠᠵᠠᠷ ᠤᠷᠤᠨ ᠳᠤ ᠶᠠᠪᠤᠵᠤ ᠰᠠᠭᠤᠵᠤ ᠥᠩᠭᠡᠷᠡᠭᠰᠡᠨ ᠬᠥᠮᠥᠰ ᠲᠤ ︽ 7 ᠡᠳᠦᠷ ᠲᠥᠪᠯᠡᠷᠡᠭᠦᠯᠦᠨ ᠲᠤᠰᠠᠭᠠᠷᠯᠠᠬᠤ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ ︵ᠴᠠᠭ ᠎ ᠢ ᠎ ᠨᠢ ᠲᠥᠭᠰᠢᠭᠦᠷᠢᠲᠡᠢ ᠭᠠᠵᠠᠷ ᠤᠷᠤᠨ ᠠᠴᠠ ᠰᠠᠯᠤᠭᠰᠠᠨ ᠴᠠᠭ ᠠᠴᠠ ᠡᠬᠢᠯᠡᠵᠦ ᠪᠤᠳᠤᠨ᠎ᠠ︶︔ ᠳᠤᠮᠳᠠ  ᠲᠥᠭᠰᠢᠭᠦᠷᠢᠲᠡᠢ ᠭᠠᠵᠠᠷ ᠣᠷᠣᠨ ᠳᠤ ᠶᠠᠪᠤᠵᠤ ᠰᠠᠭᠤᠵᠤ ᠥᠩᠭᠡᠷᠡᠭᠰᠡᠨ ᠬᠥᠮᠥᠰ ᠲᠤ ︽7 ᠡᠳᠦᠷ ᠭᠡᠷ ᠲᠤ ᠪᠠᠨ ᠲᠤᠰᠠᠭᠠᠷᠯᠠᠬᠤ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ ︵ᠴᠠᠭ ᠎ ᠢ ᠨᠢ ᠲᠦᠭᠰᠢᠭᠦᠷᠢᠲᠡᠢ ᠭᠠᠵᠠᠷ ᠤᠷᠤᠨ ᠠᠴᠠ ᠰᠠᠯᠤᠭᠰᠠᠨ ᠴᠠᠭ ᠠᠴᠠ ᠡᠬᠢᠯᠡᠵᠦ ᠪᠤᠳᠤᠨ᠎ᠠ︶᠃     ᠭᠤᠷᠪᠠ᠂ ᠲᠣᠰ ᠵᠠᠷᠯᠠᠯ ᠳᠤ ᠬᠤᠯᠪᠣᠭᠳᠠᠬᠤ ᠬᠠᠮᠢᠶᠠᠷᠤᠨ ᠡᠵᠡᠮᠳᠡᠬᠦ ᠲᠥᠷᠥ ᠶᠢᠨ ᠪᠣᠳᠣᠯᠭ᠎ᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠦᠨᠳᠦᠰᠦᠯᠡᠨ ᠬᠥᠳᠡᠯᠦᠩᠭᠦᠢ ᠪᠠᠷ ᠲᠣᠬᠢᠷᠠᠭᠤᠯᠤᠯᠲᠠ ᠬᠢᠵᠦ᠂ ᠪᠤᠰᠤᠳ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠬᠤᠲᠠ ᠶᠢᠨ ᠵᠢᠯᠤᠭᠤᠳᠬᠤ ᠭᠠᠵᠠᠷ ᠤᠨ 36 ᠳ᠋ᠤᠭᠠᠷ ᠲᠣᠭᠠᠲᠤ᠂ 37 ᠳ᠋ᠤᠭᠠᠷ ᠲᠣᠭᠠᠲᠤ ᠵᠠᠷᠯᠠᠯ ᠤᠨ ᠶᠣᠰᠣᠭᠠᠷ ᠬᠡᠷᠡᠭᠵᠢᠭᠦᠯᠦᠨ᠎ᠡ᠃ ᠥᠷᠭᠡᠨ ᠤᠯᠠᠨ ᠬᠤᠳᠠ ᠶᠢᠨ ᠠᠷᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠢᠳᠡᠪᠬᠢᠲᠡᠢ ᠬᠠᠮᠵᠢᠯᠴᠠᠨ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ ᠃                       2022 ᠣᠨ ᠤ 7 ᠰᠠᠷ᠎ᠠ ᠶᠢᠨ 31᠎ ᠤ ᠡᠳᠦᠷ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1