ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠵᠠᠰᠠᠯᠲᠠ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ ᠪᠣᠢ
ᠨᠡᠶᠢᠲᠡᠯᠡᠭᠰᠡᠨ ᠴᠠᠭ᠄
2022/8/10
    ᠣᠶᠢᠷ᠎ᠠ ᠳᠤ᠂ ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠎ ᠨᠢ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠢᠨ ᠹᠠ ᠳ᠋ᠢ ᠵᠠᠬ᠎ᠠ ᠳᠡᠯᠭᠡᠭᠦᠷ ᠲᠠᠢ ᠬᠠᠮᠲᠤᠷᠠᠨ ᠵᠠᠬ᠎ᠠ ᠳᠡᠯᠭᠡᠭᠦᠷ ᠲᠠᠬᠢ ᠪᠣᠶ ᠪᠦᠬᠦᠢ ᠡᠵᠡᠩᠨᠡᠯᠲᠡ ᠶᠢᠨ ᠡᠷᠦᠬᠡ ᠶᠢ ᠵᠣᠬᠢᠶᠠᠨ ᠪᠠᠶᠢᠭᠤᠯᠤᠨ ᠪᠥᠬᠦ ᠤᠯᠤᠰ ᠤᠨ ᠪᠣᠯᠪᠠᠰᠤᠨ ᠬᠤᠲᠠ ᠶᠢ  ᠴᠣᠭᠴᠠᠯᠠᠨ ᠪᠠᠶᠢᠭᠤᠯᠬᠤ ᠳᠠᠶᠢᠴᠢᠯᠠᠯᠲᠠ ᠶᠢᠨ ᠶᠡᠭᠡ ᠬᠤᠷᠠᠯ ᠢ ᠬᠤᠷᠠᠯᠳᠤᠭᠤᠯᠵᠤ᠂ ᠡᠯ᠎ᠡ ᠡᠵᠡᠩᠨᠡᠯᠲᠡ ᠶᠢᠨ ᠡᠷᠦᠬᠡ ᠶᠢ  ᠪᠣᠯᠪᠠᠰᠤᠨ ᠬᠤᠲᠠ ᠶᠢ ᠴᠣᠭᠴᠠᠯᠠᠨ ᠪᠠᠶᠢᠭᠤᠯᠬᠤ ᠠᠵᠢᠯ ᠳᠤ ᠬᠠᠮᠲᠤ ᠪᠠᠷ ᠣᠷᠣᠯᠴᠠᠵᠤ᠂ ᠪᠣᠯᠪᠠᠰᠤᠨ ᠪᠦᠭᠡᠳ ᠬᠠᠤᠯᠢ ᠶᠣᠰᠤᠭᠠᠷ ᠡᠮᠬᠢ ᠵᠢᠷᠤᠮ ᠎ ᠲᠠᠢ ᠡᠵᠡᠩᠨᠡᠵᠦ᠂ ᠡᠭᠦᠳᠡᠨ ᠡᠮᠦᠨᠡᠬᠢ ︽ᠭᠤᠷᠪᠠ ᠶᠢ ᠬᠠᠷᠢᠭᠤᠴᠠᠬᠤ︾ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠵᠠᠮ ᠡᠵᠡᠯᠡᠨ ᠡᠵᠡᠩᠨᠡᠬᠦ᠂ ᠲᠡᠷᠭᠡ ᠪᠠᠨ ᠠᠳᠡ ᠲᠡᠨᠳᠡ ᠦᠭᠡᠢ ᠵᠣᠭᠰᠤᠭᠠᠬᠤ᠂ ᠳᠤᠷ᠎ᠠ ᠪᠠᠷ ᠢᠶᠠᠨ ᠨᠠᠭᠠᠵᠤ ᠳᠤᠷ᠎ᠠ ᠪᠠᠷ ᠢᠶᠠᠨ ᠵᠢᠷᠤᠬᠤ ᠵᠡᠷᠭᠡ ᠦᠵᠡᠭᠳᠡᠯ ᠢ ᠲᠠᠰᠤ ᠬᠤᠷᠢᠭᠯᠠᠵᠤ ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠠᠭᠠᠯᠠᠬᠤ ᠳᠤ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠣᠳᠣ ᠠᠴᠠ ᠡᠬᠢᠯᠡᠨ ᠬᠢᠵᠦ᠂ ᠵᠢᠵᠢᠭ ᠰᠠᠵᠢᠭ ᠵᠦᠢᠯ ᠠᠴᠠ ᠡᠬᠢᠯᠡᠨ ᠬᠢᠵᠦ᠂ ᠰᠢᠨ ᠹᠠ ᠳ᠋ᠢ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠦᠬᠦ ᠤᠯᠤᠰ ᠤᠨ ᠪᠣᠯᠪᠠᠰᠤᠨ ᠬᠤᠲᠠ ᠶᠢ  ᠴᠣᠭᠴᠠᠯᠠᠨ ᠪᠠᠶᠢᠭᠤᠯᠬᠤ ᠠᠵᠢᠯ ᠳᠤ ᠬᠠᠮᠲᠤ ᠪᠠᠷ ᠪᠠᠨ ᠤᠬᠠᠮᠰᠠᠷ ᠠᠴᠠ ᠪᠠᠨ ᠣᠷᠤᠯᠴᠠᠬᠤ ᠬᠡᠷᠡᠭᠲᠡᠢ ᠭᠡᠵᠦ ᠱᠠᠭᠠᠷᠳᠠᠵᠠᠢ᠃
1_副本.jpg
         ᠢᠳᠬᠠᠨ ᠳᠠᠶᠢᠴᠢᠯᠠᠬᠤ ᠪᠠᠷ ᠳᠡᠮᠵᠢᠨ᠂ ᠰᠢᠨ ᠹᠠ ᠳ᠋ᠢ ᠵᠠᠬ᠎ᠠ ᠳᠡᠯᠭᠡᠭᠦᠷ ᠲᠠᠬᠢ ᠡᠯ᠎ᠡ ᠡᠵᠡᠩᠨᠡᠯᠲᠡ ᠶᠢᠨ ᠡᠷᠦᠬᠡ ᠨᠦᠭᠦᠳ ᠰᠠᠨᠠᠭᠠᠴᠢᠯᠠᠭ᠎ᠠ ᠠᠴᠠ ᠪᠠᠨ ᠪᠣᠯᠪᠠᠰᠤᠨ ᠬᠤᠲᠠ ᠶᠢ ᠴᠣᠭᠴᠠᠯᠠᠨ ᠪᠠᠶᠢᠭᠤᠯᠬᠤ ᠠᠵᠢᠯ ᠳᠤ ᠣᠷᠣᠯᠴᠠᠵᠤ᠂ ᠡᠭᠦᠳᠡᠨ ᠡᠮᠦᠨᠡᠬᠢ ︽ᠭᠤᠷᠪᠠ ᠶᠢ ᠬᠠᠷᠢᠭᠤᠴᠠᠬᠤ︾ ᠬᠠᠷᠢᠭᠤᠴᠠᠯᠭ᠎ᠠ ᠶᠢ ᠢᠳᠡᠪᠬᠢᠲᠡᠢ ᠪᠠᠷ ᠨᠠᠶᠢᠳᠠᠪᠤᠷᠢᠵᠢᠭᠤᠯᠤᠨ᠂ ᠡᠭᠦᠳᠡᠨ ᠳᠡᠭᠡᠷᠡᠬᠢ ᠳᠤᠷ᠎ᠠ ᠪᠠᠷ ᠨᠠᠭᠠᠭᠰᠠᠨ ᠵᠠᠷ ᠤᠳ ᠢ ᠴᠡᠪᠡᠷᠯᠡᠨ ᠬᠠᠶᠠᠵᠤ᠂ ᠪᠠᠷᠠᠭ᠎ᠠ ᠪᠠᠨ ᠲᠡᠷᠢ ᠲᠡᠭᠰᠢ ᠲᠠᠯᠪᠢᠨ ᠂ ᠭᠡᠷ ᠳᠣᠲᠣᠷᠠᠬᠢ ᠪᠠ ᠡᠭᠦᠳᠡᠨ ᠡᠮᠦᠨᠡᠬᠢ ᠣᠷᠴᠢᠨ ᠲᠣᠭᠤᠷᠢᠨ ᠢᠶᠠᠨ ᠰᠠᠶᠢᠲᠤᠷ ᠴᠡᠪᠡᠷᠯᠡᠨ᠂ ᠠᠭᠠᠷ ᠤᠳᠠᠰᠤ ᠶᠢ ᠬᠤᠷᠢᠶᠠᠨ ᠠᠪᠴᠤ᠂ ᠲᠥᠷᠥᠯ ᠬᠤᠪᠢᠶᠠᠭᠰᠠᠨ ᠬᠤᠭ ᠤᠨ ᠰᠠᠪᠠ 76᠎ ᠶᠢ ᠬᠤᠳᠠᠯᠳᠤᠨ ᠠᠪᠬᠤ ᠎ ᠶᠢᠨ ᠬᠠᠮᠲᠤ ᠪᠠᠷᠠᠭ᠎ᠠ ᠬᠤᠳᠠᠯᠳᠤᠨ ᠠᠪᠬᠤ ᠪᠠᠷ ᠢᠷᠡᠭᠰᠡᠳ ᠢ ᠢᠳᠬᠠᠵᠤ ᠪᠠᠶᠢᠭᠠᠳ ᠲᠡᠷᠭᠡ ᠶᠢ ᠎ ᠨᠢ ᠲᠣᠭᠲᠠᠭᠠᠭᠰᠠᠨ ᠪᠠᠶᠢᠷᠢᠨ ᠳᠤ ᠵᠣᠭᠰᠤᠭᠠᠯᠭᠠᠵᠤ ᠂ ᠣᠷᠴᠢᠨ ᠲᠣᠭᠤᠷᠢᠨ ᠤ ᠠᠷᠢᠭᠤᠨ ᠴᠡᠪᠡᠷ ᠪᠠ ᠵᠠᠬ᠎ᠠ ᠳᠡᠯᠭᠡᠭᠦᠷ ᠤᠨ ᠡᠵᠡᠩᠨᠡᠯᠲᠡ ᠎ ᠶᠢᠨ ᠡᠮᠬᠢ ᠳᠢᠭᠯᠢᠮ ᠢ ᠬᠠᠮᠠᠭᠠᠯᠠᠨ᠎ᠠ᠃
2_副本.jpg
         7 ᠰᠠᠷ᠎ᠠ ᠶᠢᠨ 22᠎ ᠤᠨ ᠡᠳᠦᠷ ᠠᠴᠠ ᠨᠠᠭᠠᠰᠢ ᠂ ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠠᠵᠢᠯᠲᠠᠳ ᠣᠷᠣᠨ ᠬᠡᠪᠴᠢᠶ᠎ᠡ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠭᠠᠷᠠᠭ ᠤᠨ  ᠠᠮᠠᠷᠠᠯᠲᠠ ᠦᠭᠡᠢ ᠪᠠᠷ ᠪᠥᠬᠦ ᠤᠯᠤᠰ ᠤᠨ ᠪᠣᠯᠪᠠᠰᠤᠨ ᠬᠤᠲᠠ ᠶᠢ ᠴᠣᠭᠴᠠᠯᠠᠨ ᠪᠠᠶᠢᠭᠤᠯᠬᠤ ᠠᠵᠢᠯ ᠳᠤ ᠣᠷᠤᠯᠴᠠᠨ᠂ ᠵᠠᠬ᠎ᠠ ᠳᠡᠯᠭᠡᠭᠦᠷ ᠲᠠᠬᠢ ᠢᠳᠡᠭᠡᠨ ᠤ ᠡᠵᠡᠩᠨᠡᠯᠲᠡ ᠶᠢᠨ ᠡᠷᠦᠬᠡ ᠶᠢ 175 ᠤᠳᠠᠭ᠎ᠠ ᠪᠠᠶᠢᠴᠠᠭᠠᠵᠤ᠂ ᠳᠤᠷ᠎ᠠ ᠪᠠᠷ ᠢᠶᠠᠨ ᠨᠠᠭᠠᠭᠰᠠᠨ ᠵᠠᠷ ᠬᠠᠭᠤᠳᠠᠰᠤ ᠶᠢ 156 ᠤᠳᠠᠭ᠎ᠠ ᠴᠡᠪᠡᠷᠯᠡᠨ ᠠᠷᠢᠯᠭᠠᠪᠠ᠃ ᠣᠲᠣ ᠪᠣᠯᠲᠠᠯ᠎ᠠ᠂ ᠵᠠᠬ᠎ᠠ ᠳᠡᠯᠭᠡᠭᠦᠷ ᠤᠨ ᠳᠣᠲᠣᠨ᠎ᠠ ᠭᠠᠳᠠᠨ᠎ᠠ 3600 ᠺᠥᠸᠠᠳ᠋ ᠮᠧᠲᠷ ᠤᠨ ᠵᠠᠮ ᠤᠨ ᠭᠠᠳᠠᠷᠭᠤ ᠶᠢ ᠰᠢᠨ᠎ᠡ ᠪᠠᠷ ᠳᠡᠪᠢᠰᠴᠦ᠂ 745 ᠺᠥᠸᠠᠳ᠋ ᠮᠧᠲᠷ ᠤᠨ ᠱᠠᠲᠤ ᠶᠢ ᠵᠠᠰᠠᠨ ᠰᠡᠯᠪᠢᠵᠦ᠂ ᠡᠪᠳᠡᠷᠡᠵᠦ ᠰᠦᠢᠳᠦᠭᠰᠡᠨ ᠬᠡᠷᠡᠮ ᠂ ᠭᠠᠵᠠᠷ ᠤᠨ ᠭᠠᠳᠠᠷᠭᠤ ᠶᠢ 1000 ᠬᠡᠰᠡᠭ ᠵᠠᠰᠠᠨ ᠰᠡᠯᠪᠢᠵᠦ᠂ 440 ᠲᠡᠷᠭᠡᠨ ᠵᠣᠭᠰᠣᠭᠠᠯ ᠤᠨ ᠱᠤᠭᠤᠮ ᠢ ᠵᠢᠷᠤᠵᠤ᠂ ᠵᠠᠬ᠎ᠠ ᠳᠡᠯᠭᠡᠭᠦᠷ ᠤᠨ ᠳᠣᠲᠣᠷᠠᠬᠢ ᠠᠭᠠᠷ ᠤᠳᠠᠰᠤ ᠶᠢ 2400 ᠮᠧᠲᠷ ᠵᠠᠰᠠᠵᠤ᠂ ᠪᠣᠬᠢᠷ ᠮᠠᠭᠤᠬᠠᠢ ᠬᠠᠨ᠎ᠠ ᠶᠢ 1000 ᠺᠥᠸᠠᠳ᠋ ᠮᠧᠲᠷ ᠱᠤᠸᠠᠵᠠᠳᠠᠨ ᠥᠩᠭᠡᠯᠡᠪᠡ᠃
3_副本.jpg
         ᠣᠳᠣᠬᠠᠨ ᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠨᠢ ᠴᠣ ᠰᠢᠨ᠎ᠡ ᠳᠦᠷᠰᠦ ᠪᠠᠶᠢᠳᠠᠯ ᠲᠠᠢ ᠪᠣᠯᠵᠤ ᠂ ᠥᠩᠭᠡᠷᠡᠭᠰᠡᠨ ᠤ ᠪᠣᠬᠢᠷ ᠮᠠᠭᠤᠬᠠᠢ ᠠᠴᠠ ᠪᠠᠨ ᠪᠣᠯᠪᠠᠰᠤᠨ ᠰᠢᠨ᠎ᠡ ᠪᠣᠯᠵᠤ ᠬᠤᠪᠢᠷᠠᠪᠠ ᠃ ᠵᠠᠯᠭᠠᠭᠠᠳ ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠎ ᠨᠢ ᠦᠷᠭᠦᠯᠵᠢᠯᠡᠨ ᠥᠨᠳᠥᠷ ᠪᠠᠷᠢᠮᠵᠢᠶ᠎ᠠ ᠂ ᠴᠢᠩᠭ᠎ᠠ ᠱᠠᠭᠠᠷᠳᠠᠯᠭ᠎ᠠ ᠪᠠᠷ ᠪᠦᠬᠦ ᠤᠯᠤᠰ ᠤᠨ ᠪᠣᠯᠪᠠᠰᠤᠨ ᠬᠤᠳᠠ ᠶᠢ ᠴᠣᠭᠴᠠᠯᠠᠨ ᠪᠠᠶᠢᠭᠤᠯᠬᠤ ᠠᠵᠢᠯ ᠢ ᠠᠬᠢᠭᠤᠯᠵᠤ ᠂ ᠬᠢᠨᠠᠨ ᠬᠠᠮᠢᠶᠠᠷᠬᠤ ᠴᠢᠳᠠᠪᠬᠢ ᠎ ᠪᠠᠨ ᠳᠣᠪᠤᠶᠢᠯᠭᠠᠨ᠂ ᠠᠷᠠᠳ ᠤᠨ ᠰᠡᠳᠬᠢᠯ ᠤᠨ ᠤᠳᠤᠷᠢᠳᠤᠮᠵᠢ ᠶᠢ ᠴᠢᠩᠭᠠᠳᠬᠠᠵᠤ ᠂ ᠨᠠᠷᠢᠯᠢᠭ ᠬᠥᠴᠥᠲᠠᠢ ᠬᠢᠨᠠᠯᠲᠠ ᠬᠠᠮᠢᠶᠠᠷᠤᠯᠲᠠ ᠪᠣᠯᠤᠨ ᠬᠡᠷᠡᠭᠵᠢᠭᠦᠯᠵᠦ ᠪᠣᠯᠬᠤᠶᠢᠴᠠ ᠠᠷᠭ᠎ᠠ ᠬᠡᠮᠵᠢᠶ᠎ᠡ ᠪᠠᠷ ᠶᠤᠸᠠᠨ ᠪᠦᠦ ᠱᠠᠨ ᠲᠣᠭᠤᠷᠢᠭ ᠤᠨ ᠪᠦᠬᠦ ᠤᠯᠤᠰ ᠤᠨ ᠪᠣᠯᠪᠠᠰᠤᠨ ᠬᠤᠳᠠ ᠶᠢ ᠴᠣᠭᠴᠠᠯᠠᠨ ᠪᠠᠶᠢᠭᠤᠯᠬᠤ ᠠᠵᠢᠯ ᠳᠤ ᠰᠢᠨ᠎ᠡ ᠬᠥᠳᠡᠯᠭᠡᠭᠦ ᠬᠦᠴᠦᠨ ᠨᠡᠮᠡᠷᠢᠯᠡᠨ᠎ᠡ ᠃
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1