ᠶᠤᠸᠠᠨ ᠪᠦᠦ ᠱᠠᠨ ᠲᠣᠭᠤᠷᠢᠭ ᠬᠥᠳᠡᠭᠡ ᠲᠣᠰᠬᠤᠨ ᠤ ᠵᠠᠰᠠᠮᠠᠯ ᠵᠠᠮ ᠤᠨ ︽ᠵᠠᠮ ᠤᠨ ᠳᠠᠷᠤᠭ᠎ᠠ ᠶᠢᠨ ᠳᠦᠷᠢᠮ︾᠎ ᠤᠨ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/8/10
     8 ᠰᠠᠷ᠎ᠠ ᠶᠢᠨ 8᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ ᠵᠧᠦ ᠵᠠᠨ ᠯᠢ ᠬᠥᠳᠡᠭᠡ ᠲᠣᠰᠬᠤᠨ ᠤ ᠵᠠᠰᠠᠮᠠᠯ ᠵᠠᠮ ᠤᠨ ︽ᠵᠠᠮ ᠤᠨ ᠳᠠᠷᠤᠭ᠎ᠠ ᠶᠢᠨ ᠳᠦᠷᠢᠮ︾ ᠎ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠡᠯ᠎ᠡ ᠰᠢᠶᠠᠩ ᠪᠠᠯᠭᠠᠰᠤ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
1_副本.jpg
         ᠬᠤᠷᠠᠯ ᠠᠴᠠ ︽ ᠶᠤᠸᠠᠨ ᠪᠦᠦ ᠱᠠᠨ ᠲᠣᠭᠤᠷᠢᠭ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ ︿ ᠵᠠᠮ ᠤᠨ ᠳᠠᠷᠤᠭ᠎ᠠ ᠶᠢᠨ ᠳᠦᠷᠢᠮ﹀᠎ ᠤᠨ ᠠᠵᠢᠯ ᠢ ᠪᠦᠬᠦ ᠲᠠᠯ᠎ᠠ ᠪᠠᠷ ᠬᠡᠷᠡᠭᠵᠢᠭᠦᠯᠬᠦ ᠲᠦᠰᠦᠪ︾ ᠎ ᠢ ᠣᠩᠰᠢᠨ ᠲᠠᠶᠢᠯᠪᠤᠷᠢᠯᠠᠪᠠ ᠃
2_副本.jpg
         ᠬᠤᠷᠠᠯ ᠠᠴᠠ᠂ ᠡᠯ᠎ᠡ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠥᠨᠡᠨ ᠬᠦ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ︽ᠵᠠᠮ ᠤᠨ ᠳᠠᠷᠤᠭ᠎ᠠ ᠶᠢᠨ ᠳᠦᠷᠢᠮ ︾᠎ ᠢ ᠪᠥᠬᠦ ᠲᠠᠯ᠎ᠠ ᠪᠠᠷ ᠬᠡᠷᠡᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠠᠷᠠᠯᠲᠠ ᠶᠢᠨ ᠡᠭᠦᠷᠭᠡ ᠶᠢ ᠨᠠᠷᠢᠯᠢᠭᠵᠢᠭᠤᠯᠤᠨ ᠂ ᠬᠥᠳᠡᠭᠡ ᠲᠣᠰᠬᠤᠨ ᠤ ᠵᠠᠰᠠᠮᠠᠯ ᠵᠠᠮ ᠤᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠬᠤ ᠪᠠᠷ ᠭᠤᠣᠯᠳᠠᠯᠭ᠎ᠠ ᠪᠣᠯᠭᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠵᠠᠰᠠᠯᠲᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠬᠥᠳᠡᠭᠡ ᠲᠣᠰᠬᠤᠨ ᠤ ᠵᠠᠰᠠᠮᠠᠯ ᠵᠠᠮ ᠤᠨ ᠵᠠᠰᠠᠯᠲᠠ ᠶᠢᠨ ᠴᠢᠳᠠᠪᠤᠷᠢ ᠶᠢ  ᠳᠡᠭᠡᠭᠰᠢᠯᠡᠭᠦᠯᠵᠦ ᠂ ᠮᠠᠨ ᠤ ᠲᠣᠭᠤᠷᠢᠭ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠬᠥᠭᠵᠢᠯᠲᠡ ᠶᠢ ᠰᠠᠶᠢᠲᠤᠷ ᠪᠦᠲᠦᠭᠡᠨ ᠪᠠᠶᠢᠭᠤᠯᠬᠤ᠂ ᠰᠠᠶᠢᠲᠤᠷ ᠬᠠᠮᠢᠶᠠᠷᠬᠤ᠂ ᠰᠠᠶᠢᠲᠤᠷ ᠬᠠᠮᠠᠭᠠᠯᠠᠬᠤ᠂ ᠰᠠᠶᠢᠲᠤᠷ ᠡᠵᠡᠩᠨᠡᠬᠦ ᠲᠡᠶᠢᠰᠢ ᠬᠤᠪᠢᠷᠠᠭᠤᠯᠬᠤ ᠶᠢ ᠠᠬᠢᠭᠤᠯᠤᠨ᠎ᠠ᠃ ︽ᠵᠠᠮ ᠤᠨ ᠳᠠᠷᠤᠭ᠎ᠠ ᠶᠢᠨ ᠳᠦᠷᠢᠮ︾᠎ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠬᠤ ᠶᠢ ᠲᠥᠷᠭᠡᠳᠬᠡᠵᠦ ᠂ ︽ᠰᠢᠶᠠᠨ ᠤ ᠵᠠᠮ ᠢ ᠰᠢᠶᠠᠨ ᠬᠠᠮᠢᠶᠠᠷᠬᠤ᠂ ᠬᠥᠳᠡᠭᠡ ᠲᠣᠰᠬᠤᠨ ᠤ ᠵᠠᠮ ᠢ ᠬᠥᠳᠡᠭᠡ ᠲᠣᠰᠬᠤᠨ ᠬᠠᠮᠢᠶᠠᠷᠬᠤ︾ ᠵᠠᠷᠴᠢᠮ ᠵᠢᠴᠢ ᠳᠡᠭᠡᠳᠦ ᠱᠠᠲᠤᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠣᠰ ᠲᠣᠰ ᠤᠨ ᠬᠠᠷᠢᠶ᠎ᠠ ᠣᠷᠣᠨ ᠤ ᠪᠠᠨ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ᠂ ᠠᠷᠠᠴᠢᠯᠠᠯᠲᠠ᠂ ᠡᠵᠡᠩᠨᠡᠯᠲᠡ ᠵᠢᠴᠢ ᠵᠠᠮ ᠤᠨ ᠬᠤᠲᠠ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠵᠠᠮ ᠤᠨ ᠡᠳ᠋ ᠬᠥᠷᠥᠩᠭᠡ᠂ ᠵᠠᠮ ᠤᠨ ᠡᠷᠬᠡ ᠶᠢ ᠬᠠᠮᠠᠭᠠᠯᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠯᠡᠵᠦ᠂ ᠭᠤᠣᠯᠳᠠᠯᠭ᠎ᠠ ᠶᠢ ᠠᠳᠬᠤᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠲᠣᠪᠣᠶᠢᠮ᠎ᠠ ᠠᠰᠠᠭᠤᠳᠠᠯ ᠢ ᠢᠳᠡᠪᠬᠢᠲᠡᠢ ᠪᠠᠷ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ ᠵᠠᠮ ᠬᠠᠷᠢᠯᠴᠠᠭ᠎ᠠ ᠲᠡᠭᠡᠭᠡᠪᠦᠷᠢ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ ᠶᠢ ᠪᠠᠷᠢᠮᠲᠠᠯᠠᠨ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ᠂ ᠠᠮᠤᠷ ᠲᠦᠪᠰᠢᠨ ᠤ ᠬᠠᠮᠢᠶᠠᠷᠤᠯᠲᠠ ᠵᠡᠷᠭᠡ ᠡᠯ᠎ᠡ ᠵᠦᠢᠯ ᠤᠨ ᠬᠠᠮᠢᠶ᠎ᠠ ᠪᠦᠬᠦᠢ ᠠᠵᠢᠯ ᠢ ᠢᠳᠡᠪᠬᠢᠲᠡᠢ ᠰᠠᠶᠢᠲᠤᠷ ᠬᠢᠬᠦ ᠬᠡᠷᠡᠭᠲᠡᠢ᠃ ︽ᠵᠠᠮ ᠤᠨ ᠳᠠᠷᠤᠭ᠎ᠠ ᠶᠢᠨ ᠳᠦᠷᠢᠮ︾᠎ ᠤᠨ ᠢᠯᠡ ᠨᠡᠶᠢᠲᠡᠯᠡᠬᠦ ᠫᠠᠶᠢᠰᠠ ᠪᠠ ᠰᠢᠨ᠎ᠡ ᠵᠠᠭᠤᠴᠢᠯᠠᠭᠤᠷ ᠤᠨ ᠤᠬᠠᠭᠤᠯᠤᠨ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠨᠡᠶᠢᠲᠡ ᠶᠢ ᠬᠥᠲᠥᠯᠥᠨ ᠵᠢᠯᠤᠭᠤᠳᠴᠤ ᠪᠠᠶᠢᠭᠠᠳ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ᠂ ᠠᠷᠠᠴᠢᠯᠠᠯᠲᠠ ᠪᠠ ᠬᠢᠨᠠᠯᠲᠠ ᠳᠤ ᠢᠳᠡᠪᠬᠢᠲᠡᠢ ᠣᠷᠤᠯᠴᠠᠭᠤᠯᠤᠨ᠂ ᠪᠥᠬᠦ ᠨᠡᠶᠢᠭᠡᠮ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠬᠠᠷᠢᠭᠤᠴᠠᠯᠭ᠎ᠠ ᠶᠢᠨ ᠤᠬᠠᠮᠰᠠᠷ ᠪᠠ ᠣᠷᠤᠯᠴᠠᠬᠤ ᠤᠬᠠᠮᠰᠠᠷ ᠢ ᠴᠢᠩᠭᠠᠳᠬᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠪᠠᠶᠢᠯᠳᠤᠬᠤ ᠪᠣᠳᠣᠯᠭ᠎ᠠ ᠶᠢᠨ ᠳᠤᠮᠳᠠᠬᠢ ᠲᠤᠯᠭᠠᠭᠤᠷᠢᠯᠠᠬᠤ ᠦᠢᠯᠡᠳᠦᠯ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1