| | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 7 ᠰᠠᠷ᠎ᠠ ᠶᠢᠨ 28 ᠤ ᠡᠳᠦᠷ ᠬᠤᠷᠠᠯ | ᠬᠤᠷᠠᠯᠳᠤᠭᠤᠯᠵᠤ᠂ ᠣᠳᠣᠬᠠᠨ ᠤ ᠠᠵᠤ ᠠᠬᠤᠢ ᠶᠢᠨ ᠪᠠᠶᠢᠳᠠᠯ ᠢ ᠵᠠᠳᠠᠯᠤᠨ ᠰᠤᠳᠤᠯᠵᠤ᠂ ᠳᠣᠣᠷ᠎ᠠ ᠬᠠᠭᠠᠰ ᠵᠢᠯ ᠤᠨ ᠠᠵᠤ | ᠠᠬᠤᠢ ᠶᠢᠨ ᠠᠵᠢᠯ ᠢ ᠪᠠᠶᠢᠷᠢᠯᠠᠭᠤᠯᠵᠤ᠂ ︽ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠶᠢᠰᠦᠳᠦᠭᠡᠷ | ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠪᠠᠶᠢᠳᠠᠯ ᠤᠨ ᠲᠤᠬᠠᠢ ᠶᠡᠷᠦᠩᠬᠡᠶᠢᠯᠡᠭᠰᠡᠨ ᠮᠡᠳᠡᠭᠦᠯᠦᠯᠲᠡ︾ ᠶᠢ ᠬᠢᠨᠠᠨ | ᠵᠥᠪᠯᠡᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠡᠢ᠃ | ᠬᠤᠷᠠᠯ ᠠᠴᠠ᠂ ᠡᠨᠡ ᠵᠢᠯ ᠠᠴᠠ ᠨᠠᠭᠠᠰᠢ᠂ ᠨᠠᠷᠢᠨ ᠪᠤᠳᠤᠯᠢᠶᠠᠨᠲᠠᠶ ᠬᠠᠳᠠᠭᠤ ᠴᠢᠩᠭ᠎ᠠ ᠳᠡᠯᠡᠬᠡᠶ ᠶᠢᠨ ᠣᠷᠴᠢᠨ | ᠲᠣᠭᠤᠷᠢᠨ ᠪᠣᠯᠤᠨ ᠪᠡᠷᠬᠡ ᠬᠠᠲᠠᠭᠤᠵᠢᠯᠲᠠᠶ ᠬᠦᠨᠳᠦ ᠨᠦᠰᠡᠷ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ | ᠲᠣᠭᠲᠠᠭᠤᠨ ᠤ ᠡᠭᠦᠷᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ | ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠠᠵᠢᠯ ᠢ ᠪᠦᠲᠦᠮᠵᠢᠲᠡᠶ ᠨᠢᠭᠡᠳᠦᠯᠲᠡᠶ ᠲᠥᠯᠥᠪᠵᠢᠭᠦᠯᠵᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢᠳᠡᠪᠬᠢᠲᠡᠶ ᠦᠷ᠎ᠡ ᠪᠦᠲᠦᠮᠵᠢ ᠣᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠰᠢᠨ᠎ᠡ | ᠠᠮᠵᠢᠯᠲᠠ ᠪᠦᠲᠦᠮᠵᠢ ᠤᠯᠪᠠ᠃ ᠤᠯᠤᠰ ᠳᠠᠶᠠᠭᠠᠷ ᠢᠶᠠᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠵᠥ᠂ ᠠᠮᠵᠢᠯᠳᠠ | ᠪᠦᠳᠦᠮᠵᠢ ᠶᠢ ᠭᠦᠢᠴᠡᠳ ᠨᠤᠲᠠᠯᠠᠭᠤᠰᠢᠲᠠᠢ ᠪᠠᠶᠢᠨ᠎ᠠ᠃ ᠡᠭᠦᠨ ᠤ ᠬᠠᠮᠲᠤ᠂ ᠣᠳᠣᠬᠠᠨ ᠤ ᠠᠵᠤ ᠠᠬᠤᠢ ᠶᠢᠨ | ᠠᠵᠢᠯᠯᠠᠭᠠᠨ ᠳᠤ ᠵᠠᠷᠢᠮ ᠲᠤᠪᠤᠶᠢᠮ᠎ᠠ ᠵᠥᠷᠢᠴᠡᠯ ᠪᠠ ᠠᠰᠠᠭᠤᠳᠠᠯ ᠲᠤᠯᠭᠠᠷᠠᠵᠤ ᠪᠠᠶᠢᠨ᠎ᠠ᠂ ᠪᠠᠶᠢᠯᠳᠤᠬᠤ ᠪᠤᠳᠤᠯᠭ᠎ᠠ ᠶᠢᠨ | ᠳᠤᠬᠳᠠᠯ ᠬᠦᠴᠦᠨ ᠢᠶᠠᠨ ᠪᠠᠲᠤᠯᠠᠵᠤ᠂ ᠥᠪᠡᠷ ᠤᠨ ᠶᠠᠪᠤᠳᠠᠯ ᠢᠶᠠᠨ ᠡᠷᠡᠰ ᠪᠠᠳᠤ ᠰᠠᠶᠢᠲᠤᠷ ᠬᠢᠬᠦ ᠬᠡᠷᠡᠭᠲᠡᠢ ᠬᠡᠵᠥ ᠦᠵᠡᠪᠡ᠃ | | ᠬᠤᠷᠠᠯ ᠠᠴᠠ᠂ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠤᠢᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ | ᠬᠢᠵᠢᠭ ᠤᠨ ᠪᠠᠶᠢᠳᠠᠯ ᠢ ᠰᠡᠷᠭᠡᠶᠢᠯᠡᠵᠤ ᠲᠡᠶᠢᠯᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ | ᠲᠦᠪᠰᠢᠨ ᠪᠠᠶᠢᠯᠭᠠᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠢ ᠰᠡᠷᠬᠦᠵᠥ | ᠰᠠᠶᠢᠵᠢᠷᠠᠯᠲᠠ ᠲᠠᠢ ᠪᠣᠯᠬᠤ ᠬᠠᠨᠳᠤᠰᠢ ᠶᠢ ᠪᠠᠬᠢᠵᠢᠭᠦᠯᠵᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠪᠠᠷᠠᠭᠠᠨ ᠤ | ᠦᠨ᠎ᠡ ᠶᠢ ᠲᠣᠭᠲᠠᠪᠤᠷᠢᠵᠢᠭᠤᠯᠬᠤ ᠪᠠᠷ ᠬᠦᠴᠦᠯᠡᠵᠦ᠂ ᠠᠵᠤ ᠠᠬᠤᠢ ᠶᠢᠨ ᠡᠷᠭᠢᠯᠲᠡ ᠵᠣᠬᠢᠰᠲᠠᠢ ᠬᠡᠪᠴᠢᠶᠡᠨ ᠳᠤ ᠪᠠᠶᠢᠬᠤ ᠶᠢ | ᠪᠠᠲᠤᠯᠠᠵᠤ᠂ ᠬᠠᠮᠤᠭ ᠤᠨ ᠰᠠᠶᠢᠨ ᠦᠷ᠎ᠡ ᠳ᠋ᠦᠩ ᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠪᠠᠷᠢᠮᠲᠠᠯᠠᠯ ᠪᠣᠯ ᠳᠠᠷᠤᠢ ᠢᠯᠠᠯᠲᠠ ᠮᠥᠨ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠥᠨᠳᠥᠷ ᠪᠦᠲᠦᠮᠵᠢᠲᠡᠶ ᠨᠢᠭᠡᠳᠦᠯᠲᠡᠶ ᠲᠥᠯᠥᠪᠵᠢᠭᠦᠯᠬᠦ ᠬᠡᠷᠡᠭᠲᠡᠶ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠢᠴᠠᠭ᠎ᠠ ᠶᠢ | ᠶᠡᠷᠦᠩᠬᠡᠶᠢᠯᠡᠨ ᠦᠵᠡᠵᠦ᠂ ᠰᠢᠰᠲ᠋ᠧᠮ ᠲᠠᠢ ᠦᠵᠡᠵᠦ᠂ ᠠᠯᠤᠰ ᠬᠤᠯᠠ ᠶᠢ ᠪᠣᠳᠣᠯᠬᠢᠯᠠᠵᠤ᠂ ᠢᠯᠠᠩᠭᠤᠶ᠎ᠠ ᠤᠯᠤᠰ | ᠲᠦᠷᠦ ᠶᠢᠨ ᠲᠠᠯ᠎ᠠ ᠠᠴᠠ ᠦᠵᠡᠵᠦ᠂ ᠤᠯᠤᠰ ᠲᠦᠷᠦ ᠶᠢᠨ ᠲᠠᠩᠰᠠ ᠶᠢ ᠪᠤᠳᠤᠬᠤ ᠬᠡᠷᠡᠭᠲᠡᠢ᠃ ᠠᠷᠠᠳ ᠲᠦᠮᠡᠨ ᠢ | ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ | ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠡᠭᠦᠰᠭᠦ ᠶᠢ ᠰᠡᠷᠭᠡᠶᠢᠯᠡᠬᠦ ᠶᠢ ᠪᠠᠷᠢᠮᠲᠠᠯᠠᠵᠤ᠂ ᠡᠪᠡᠳᠴᠢᠨ ᠤ ᠵᠢᠱᠢᠶ᠎ᠡ ᠶᠢ ᠦᠬᠡᠢ | ᠪᠤᠯᠭᠠᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢᠯᠡᠷᠡᠪᠡᠯ ᠡᠷᠬᠡᠪᠰᠢ ᠳᠠᠷᠦ᠋ᠢᠬᠠᠨ ᠴᠢᠩᠭ᠎ᠠ ᠰᠡᠷᠭᠡᠶᠢᠯᠡᠨ ᠡᠵᠡᠮᠳᠡᠵᠦ᠂ | ᠬᠠᠮᠢᠶᠠᠷᠬᠤ ᠶᠣᠰᠣᠲᠠᠶ ᠶᠢ ᠨᠢ ᠡᠷᠡᠰ ᠬᠠᠮᠢᠶᠠᠷᠴᠤ᠂ ᠶᠠᠭᠠᠬᠢᠭᠰᠠᠨ ᠴᠤ ᠠᠯᠮᠠᠶᠢᠷᠠᠵᠤ ᠬᠠᠯᠠᠰᠢᠷᠠᠵᠥ ᠪᠣᠯᠬᠤ ᠥᠬᠡᠶ᠃ | ᠨᠠᠮ ᠤᠨ ᠲᠥᠪ ᠬᠤᠷᠢᠶᠠᠨ ᠤ ᠲᠣᠭᠲᠠᠭᠠᠭᠰᠠᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠢ ᠰᠡᠷᠭᠡᠶᠢᠯᠡᠨ ᠡᠵᠡᠮᠳᠡᠬᠦ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠡᠷᠡᠰ ᠨᠠᠷᠢᠨ ᠬᠢᠨᠠᠮᠠᠭᠠᠶ ᠲᠤᠭᠤᠰᠢᠯᠠᠭᠤᠯᠵᠤ᠂ ᠠᠵᠤ ᠠᠬᠤᠶ ᠨᠡᠶᠢᠭᠡᠮ ᠤᠨ | ᠬᠥᠭᠵᠢᠯᠲᠡ ᠶᠢ ᠨᠥᠯᠥᠭᠡᠯᠡᠬᠦ ᠭᠤᠤᠯᠳᠠᠯᠭ᠎ᠠ ᠲᠠᠢ ᠴᠢᠳᠠᠮᠵᠢ ᠶᠢ ᠡᠮᠬᠢ ᠵᠢᠷᠤᠮ ᠲᠠᠢ ᠠᠵᠢᠯᠯᠠᠭᠤᠯᠬᠤ ᠶᠢ ᠪᠠᠲᠤᠯᠠᠵᠤ᠂ | ᠪᠠᠲᠤᠯᠠᠬᠤ ᠶᠣᠰᠣᠲᠠᠶ ᠶᠢ ᠨᠢ ᠡᠷᠡᠰ ᠪᠠᠲᠤᠯᠠᠬᠤ ᠬᠡᠷᠡᠭᠲᠡᠶ᠃ ᠸᠢᠷᠦ᠋ᠰ ᠤᠨ ᠤᠨᠳᠤᠤᠰᠢᠯ ᠤᠨ ᠮᠥᠷᠳᠡᠯᠲᠡ ᠪᠠ ᠰᠢᠨ᠎ᠡ | ᠸᠠᠺᠼᠢᠨ ᠰᠢᠨ᠎ᠡ ᠡᠮ ᠢ ᠰᠤᠳᠤᠯᠤᠨ ᠨᠡᠭᠡᠭᠡᠬᠦ ᠠᠵᠢᠯ ᠢ ᠰᠠᠶᠢᠲᠤᠷ ᠬᠢᠬᠦ ᠬᠡᠷᠡᠭᠲᠡᠶ ᠬᠡᠵᠥ ᠵᠢᠭᠠᠵᠥ ᠭᠠᠷᠭᠠᠪᠠ᠃ | ᠬᠤᠷᠠᠯ ᠠᠴᠠ᠂ ᠬᠤᠷᠸ᠎ᠠ ᠲᠦᠷᠦ ᠶᠢᠨ ᠪᠤᠳᠤᠯᠭ᠎ᠠ ᠨᠢ ᠬᠡᠷᠡᠭᠴᠡᠭᠡ ᠶᠢ ᠥᠷᠭᠡᠳᠭᠡᠬᠦ ᠲᠠᠯ᠎ᠠ ᠪᠠᠷ ᠢᠳᠡᠪᠬᠢᠲᠡᠢ ᠵᠢᠳᠬᠦᠯ | ᠴᠢᠷᠮᠠᠶᠢᠯᠭ᠎ᠠ ᠭᠠᠷᠭᠠᠬᠤ ᠬᠡᠷᠡᠭᠲᠡᠢ᠃ ᠡᠳ᠋ ᠤᠨ ᠵᠠᠰᠠᠭ ᠵᠣᠭᠤᠰᠣᠨ ᠤ ᠲᠦᠷᠦ ᠶᠢᠨ ᠪᠤᠳᠤᠯᠭ᠎ᠠ ᠨᠢ ᠨᠡᠶᠢᠭᠡᠮ ᠤᠨ ᠬᠡᠷᠡᠭᠴᠡᠭᠡ | ᠱᠠᠭᠠᠷᠳᠠᠯᠭ᠎ᠠ ᠶᠢᠨ ᠬᠦᠷᠦᠯᠴᠡᠬᠦ ᠦᠭᠡᠢ ᠲᠠᠯ᠎ᠠ ᠶᠢ ᠪᠦᠲᠦᠮᠵᠢᠲᠡᠢ ᠪᠠᠷ ᠨᠥᠬᠦᠪᠥᠷᠢᠯᠡᠬᠦ ᠬᠡᠷᠡᠭᠲᠡᠢ᠃ ᠣᠷᠣᠨ ᠨᠤᠲᠤᠭ ᠤᠨ | ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ | ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠦᠷᠢ ᠥᠭᠴᠡᠭᠡᠨ ᠤ ᠬᠢᠵᠠᠭᠠᠷ ᠲᠤᠭ᠎ᠠ ᠶᠢ ᠭᠦᠢᠴᠡᠳ | ᠰᠠᠶᠢᠲᠤᠷ ᠬᠡᠷᠡᠭᠯᠡᠬᠦ ᠶᠢ ᠳᠡᠮᠵᠢᠬᠦ ᠬᠡᠷᠡᠭᠳᠡᠢ᠃ ᠵᠣᠭᠤᠰᠣᠨ ᠤ ᠲᠦᠷᠦ ᠶᠢᠨ ᠪᠤᠳᠤᠯᠭ᠎ᠠ ᠨᠢ ᠭᠦᠢᠯᠭᠡᠭᠡᠨ ᠤ ᠴᠢᠨᠠᠷ ᠤᠨ ᠵᠦᠢ | ᠵᠣᠬᠢᠰᠲᠠᠢ ᠪᠥᠭᠡᠳ ᠭᠦᠢᠴᠡᠳ ᠪᠠᠶᠢᠬᠤ ᠶᠢ ᠪᠠᠲᠤᠯᠠᠵᠤ᠂ ᠠᠵᠤ ᠠᠬᠤᠶᠢᠯᠠᠯ ᠳᠤ ᠦᠵᠡᠭᠦᠯᠬᠦ ᠵᠢᠭᠡᠯᠡᠯᠭᠡ ᠶᠢᠨ ᠳᠡᠮᠵᠢᠯᠭᠡ ᠶᠢ | ᠨᠡᠮᠡᠭᠳᠡᠭᠦᠯᠵᠦ᠂ ᠲᠦᠷᠦ ᠶᠢᠨ ᠪᠤᠳᠤᠯᠭ᠎ᠠ ᠶᠢᠨ ᠴᠢᠨᠠᠷᠲᠠᠢ ᠪᠠᠩᠬᠢ ᠶᠢᠨ ᠰᠢᠨ᠎ᠡ ᠪᠠᠷ ᠨᠡᠮᠡᠭᠳᠡᠭᠰᠡᠨ ᠢᠲᠡᠭᠡᠮᠵᠢᠲᠦ ᠵᠢᠭᠡᠯᠡᠯᠭᠡ ᠪᠠ | ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠰᠠᠶᠢᠲᠤᠷ | ᠬᠡᠷᠡᠭᠯᠡᠬᠦ ᠬᠡᠷᠡᠭᠲᠡᠢ᠃ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠴᠢᠨᠠᠷ ᠪᠣᠯᠤᠨ ᠳᠡᠯᠡᠬᠡᠢ | ᠳᠡᠭᠡᠷᠡᠬᠢ ᠦᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢ ᠰᠢᠯᠤᠭᠤᠳᠬᠠᠵᠤ᠂ | ᠤᠯᠤᠰ ᠤᠨ ᠳᠣᠲᠣᠭᠠᠳᠤ ᠶᠢᠨ ᠠᠵᠤ ᠦᠢᠯᠡᠰ ᠤᠨ ᠬᠡᠯᠬᠢᠶ᠎ᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠳᠤᠮᠳᠠ | ᠪᠠᠷᠠᠭᠤᠨ ᠣᠷᠣᠨ ᠤ ᠰᠠᠭᠤᠷᠢ ᠲᠥᠬᠦᠭᠡᠷᠦᠮᠵᠢ ᠪᠣᠯᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢᠶᠠᠨ | ᠰᠠᠶᠢᠵᠢᠷᠠᠭᠤᠯᠬᠤ ᠶᠢ ᠳᠡᠮᠵᠢᠬᠦ ᠬᠡᠷᠡᠭᠲᠡᠢ ᠬᠡᠵᠥ ᠴᠢᠬᠤᠯᠠᠴᠢᠯᠠᠪᠠ᠃ | ᠬᠤᠷᠠᠯ ᠠᠴᠠ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠦᠬᠦ ᠲᠠᠯ᠎ᠠ ᠪᠠᠷ ᠰᠠᠬᠢᠬᠤ ᠬᠡᠷᠡᠭᠲᠡᠢ᠃ ᠠᠮᠤ ᠪᠤᠳᠠᠭᠠᠨ ᠤ | ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ᠡᠨᠧᠷᠭᠢ ᠡᠬᠢ ᠪᠠᠶᠠᠯᠢᠭ ᠤᠨ ᠬᠠᠩᠭᠠᠯᠭ᠎ᠠ ᠶᠢ ᠪᠠᠲᠤᠯᠠᠬᠤ | ᠴᠢᠳᠠᠪᠤᠷᠢ ᠶᠢ ᠳᠡᠭᠡᠭᠰᠢᠯᠡᠭᠦᠯᠵᠦ᠂ ᠡᠷᠴᠢᠮ ᠢᠶᠠᠨ ᠴᠢᠩᠭᠠᠷᠠᠭᠤᠯᠵᠤ ᠪᠠᠶᠢᠭᠠᠳ ᠰᠢᠨ᠎ᠡ ᠡᠨᠧᠷᠭᠢ ᠶᠢᠨ ᠬᠠᠩᠭᠠᠯᠭ᠎ᠠ ᠶᠢᠨ | ᠰᠢᠩᠭᠡᠭᠡᠯᠳᠠ ᠶᠢᠨ ᠰᠢᠰᠲ᠋ᠧᠮ ᠢ ᠲᠥᠯᠥᠪᠵᠢᠭᠦᠯᠦᠨ ᠪᠠᠶᠢᠭᠤᠯᠬᠤ ᠬᠡᠷᠡᠭᠲᠡᠢ᠃ ᠭᠡᠷ ᠭᠠᠵᠠᠷ ᠤᠨ ᠬᠦᠷᠦᠩᠬᠡ ᠶᠢᠨ ᠵᠠᠬ᠎ᠠ | ᠳᠡᠯᠭᠡᠭᠦᠷ ᠢ ᠲᠣᠭᠲᠠᠪᠤᠷᠢᠵᠢᠭᠤᠯᠵᠤ᠂ ᠭᠡᠷ ᠪᠠᠶᠢᠰᠢᠩ ᠪᠤᠯ ᠰᠠᠭᠤᠬᠤ ᠳᠤ ᠵᠤᠷᠢᠭᠤᠯᠤᠬᠰᠡᠨ ᠶᠤᠮ᠂ ᠰᠠᠷᠢᠭᠠᠯᠠᠬᠤ ᠳᠤ | ᠵᠤᠷᠢᠭᠤᠯᠤᠬᠰᠡᠨ ᠪᠢᠰᠢ ᠭᠡᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠬᠤᠳᠠ ᠶᠢᠨ ᠪᠠᠶᠢᠳᠠᠯ ᠳᠤ ᠲᠤᠬᠢᠷᠠᠭᠤᠯᠤᠨ ᠠᠷᠭ᠎ᠠ | ᠪᠤᠳᠤᠯᠭ᠎ᠠ ᠬᠡᠷᠡᠭᠵᠢᠭᠦᠯᠵᠦ ᠲᠦᠷᠦ ᠶᠢᠨ ᠪᠤᠳᠤᠯᠭ᠎ᠠ ᠶᠢᠨ ᠪᠠᠭᠠᠵᠢ ᠶᠢᠨ ᠬᠠᠶᠢᠷᠴᠠᠭ ᠢ ᠭᠦᠢᠴᠡᠳ ᠰᠠᠶᠢᠲᠤᠷ ᠬᠡᠷᠡᠭᠯᠡᠵᠦ᠂ | ᠵᠠᠪᠠᠯ ᠬᠡᠷᠡᠭᠯᠡᠬᠦ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠲᠡᠮᠵᠢᠵᠤ᠂ ᠣᠷᠣᠨ ᠨᠤᠲᠤᠭ ᠤᠨ | ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠰᠠᠷ ᠲᠤᠰᠢᠶᠠᠬᠤ ᠶᠢ ᠪᠠᠲᠤᠯᠠᠵᠤ᠂ ᠠᠷᠠᠳ ᠤᠨ | ᠠᠮᠢᠳᠤᠷᠠᠯ ᠢ ᠲᠣᠭᠲᠠᠪᠤᠷᠢᠵᠢᠭᠤᠯᠬᠤ ᠬᠡᠷᠡᠭᠲᠡᠢ᠃ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠶᠡᠷᠦᠩᠬᠡᠢ ᠳᠡᠭᠡᠨ | ᠲᠣᠭᠲᠠᠭᠤᠨ ᠪᠠᠶᠢᠬᠤ ᠶᠢ ᠪᠠᠲᠤᠯᠠᠵᠤ᠂ ᠵᠠᠷᠢᠮ ᠭᠠᠵᠠᠷ ᠣᠷᠣᠨ ᠤ ᠲᠣᠰᠬᠤᠨ ᠪᠠᠯᠭᠠᠰᠤᠨ ᠤ ᠪᠠᠩᠬᠢ ᠶᠢᠨ ᠠᠶᠤᠯ | ᠲᠦᠭᠰᠢᠭᠦᠷᠢ ᠶᠢ ᠵᠤᠬᠢᠰᠳᠠᠢ ᠠᠷᠢᠯᠭᠠᠵᠤ᠂ ᠮᠥᠩᠭᠦᠨ ᠭᠦᠢᠯᠭᠡᠭᠡᠨ ᠤ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ | ᠬᠡᠷᠡᠭᠲᠡᠢ᠃ ᠠᠶᠤᠯᠭᠦᠶ ᠦᠶ᠋ᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠶ ᠭᠡᠵᠤ ᠵᠢᠭᠠᠵᠤ ᠭᠠᠷᠭᠠᠪᠠ᠃ | ᠬᠤᠷᠠᠯ ᠠᠴᠠ᠂ ᠥᠭᠡᠷᠡᠴᠢᠯᠡᠯᠲᠡ ᠨᠡᠬᠡᠬᠡᠯᠳᠡ ᠪᠠᠷ ᠠᠵᠤ ᠠᠬᠤᠢ ᠶᠢᠨ ᠬᠥᠭᠵᠢᠯᠲᠡ ᠳᠤ ᠬᠥᠳᠡᠯᠭᠡᠬᠦ ᠬᠦᠴᠦᠨ | ᠨᠡᠮᠡᠷᠢᠯᠡᠬᠦ ᠬᠡᠷᠡᠭᠲᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ | ᠠᠵᠢᠯᠯᠠᠭᠠᠨ ᠤ ᠲᠥᠰᠦᠯ ᠢ ᠦᠷᠭᠦᠯᠵᠢᠯᠡᠨ ᠬᠡᠷᠡᠭᠵᠢᠭᠦᠯᠬᠦ ᠬᠡᠷᠡᠭᠲᠡᠢ᠃ ᠲᠠᠪᠴᠠᠩ ᠤᠨ ᠠᠵᠤ ᠠᠬᠤᠢ ᠶᠢᠨ ᠵᠢᠷᠤᠮᠵᠢᠭᠤᠨ | ᠪᠥᠭᠡᠳ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠵᠤ᠂ ᠲᠠᠪᠴᠠᠩ ᠤᠨ ᠠᠵᠤ ᠠᠬᠤᠢ ᠶᠢᠨ ᠲᠤᠰᠬᠠᠢ ᠴᠡᠭᠴᠡᠯᠡᠨ | ᠵᠠᠰᠠᠯᠲᠠ ᠶᠢ ᠪᠡᠶᠡᠯᠡᠭᠦᠯᠵᠦ᠂ ᠲᠠᠪᠴᠠᠩ ᠤᠨ ᠠᠵᠤ ᠠᠬᠤᠢ ᠶᠢ ᠪᠠᠶᠢᠩᠭᠤᠵᠢᠭᠤᠯᠤᠨ ᠬᠢᠨᠠᠨ ᠬᠠᠮᠢᠶᠠᠷᠴᠤ᠂ ᠨᠢᠭᠡ ᠪᠦᠯᠦᠭ ︽ | ᠰᠠᠭᠠᠳ ᠦᠭᠡᠢ ᠨᠡᠪᠳᠡᠷᠡᠬᠦ︾ ᠪᠡᠯᠡ ᠣᠷᠣᠭᠤᠯᠤᠯᠲᠠ ᠶᠢᠨ ᠬᠡᠷᠡᠭ ᠤᠨ ᠵᠢᠱᠢᠶ᠎ᠡ ᠶᠢ ᠲᠥᠪᠯᠡᠷᠡᠭᠦᠯᠦᠨ ᠭᠠᠷᠭᠠᠬᠤ ᠬᠡᠷᠡᠭᠲᠡᠢ᠃ | ᠭᠠᠳᠠᠭᠠᠳᠤ ᠭᠠᠷᠭᠠᠯᠲᠠ ᠶᠢ ᠢᠳᠡᠪᠬᠢᠲᠡᠶ ᠠᠬᠢᠭᠤᠯᠵᠤ᠂ ᠭᠠᠳᠠᠭᠠᠳᠤ ᠣᠷᠣᠭᠤᠯᠤᠯᠲᠠ ᠶᠢ ᠥᠷᠭᠡᠳᠭᠡᠨ᠂ ᠮᠡᠷᠭᠡᠵᠢᠯ᠂ | ᠭᠠᠳᠠᠭᠠᠳᠤ ᠪᠠᠯᠠ ᠶᠢ ᠣᠷᠣᠭᠤᠯᠤᠨ ᠠᠪᠴᠢᠷᠠᠬᠤ ᠠᠵᠢᠯ ᠢ ᠰᠠᠶᠢᠲᠤᠷ ᠬᠢᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠥᠲᠥᠭᠡᠨ ᠪᠠᠶᠢᠭᠤᠯᠬᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠤ ᠵᠢᠭᠠᠵᠤ ᠭᠠᠷᠭᠠᠪᠠ᠃ | ᠬᠤᠷᠠᠯ ᠠᠴᠠ᠂ ᠠᠷᠠᠳ ᠤᠨ ᠠᠮᠢᠳᠤᠷᠠᠯ ᠢ ᠪᠠᠲᠤᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ | ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠬᠦᠴᠦᠯᠡᠨ ᠪᠠᠲᠤᠯᠠᠵᠤ᠂ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠠᠵᠢᠯ ᠢ ᠰᠠᠶᠢᠲᠤᠷ ᠬᠢᠬᠦ ᠬᠡᠷᠡᠭᠲᠡᠶ ᠭᠡᠵᠤ | ᠴᠢᠬᠤᠯᠠᠴᠢᠯᠠᠪᠠ᠃ | ᠬᠤᠷᠠᠯ ᠠᠴᠠ᠂ ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠡᠯ᠎ᠡ ᠱᠠᠲᠤᠨ ᠤ ᠤᠳᠤᠷᠢᠳᠬᠤ ᠪᠠᠭ ᠴᠤᠭ | ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠠᠵᠢᠯ ᠢᠶᠠᠨ ᠥᠷᠨᠢᠭᠦᠯᠵᠦ᠂ ᠤᠳᠤᠷᠢᠳᠬᠤ ᠺᠠᠳ᠋ᠷᠴᠤᠳ | ᠵᠣᠷᠢᠭᠲᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠵᠢᠳᠬᠦᠯ ᠴᠢᠷᠮᠠᠶᠢᠯᠭ᠎ᠠ ᠭᠠᠷᠭᠠᠬᠤ ᠳᠠᠭᠠᠨ ᠴᠢᠳᠠᠮᠠᠭᠠᠢ ᠪᠠᠶᠢᠬᠤ ᠬᠡᠷᠡᠭᠲᠡᠢ᠃ | ᠠᠵᠤ ᠠᠬᠤᠢ ᠶᠢᠨ ᠲᠤᠮᠤ ᠮᠤᠵᠢ ᠨᠢ ᠭᠤᠤᠯ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠨᠥᠬᠦᠴᠡᠯ ᠲᠠᠢ ᠮᠤᠵᠢ ᠨᠢ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠵᠢᠱᠢᠭᠰᠡᠨ ᠬᠠᠷᠠᠯᠲᠠ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠢ᠃ ᠠᠵᠤ ᠠᠬᠤᠶᠢᠯᠠᠯ | ᠪᠣᠯᠤᠨ ᠠᠵᠤ ᠠᠬᠤᠶᠢᠯᠠᠯᠲᠠᠨ ᠤ ᠴᠢᠳᠠᠮᠠᠭᠠᠢ ᠴᠢᠨᠠᠷ ᠢ ᠪᠠᠳᠠᠷᠠᠭᠤᠯᠵᠤ᠂ ᠰᠠᠶᠢᠨ ᠲᠦᠷᠦ ᠶᠢᠨ ᠪᠤᠳᠤᠯᠭ᠎ᠠ ᠪᠣᠯᠤᠨ | ᠲᠦᠷᠢᠮ ᠤᠨ ᠣᠷᠴᠢᠨ ᠨᠦᠬᠦᠴᠡᠯ ᠢ ᠪᠤᠢ ᠪᠣᠯᠭᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠵᠣᠷᠢᠭᠲᠠᠢ | ᠠᠵᠢᠯᠯᠠᠬᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠣᠷᠢᠭᠲᠠᠢ ᠬᠢᠬᠦ᠂ ᠭᠠᠳᠠᠭᠠᠳᠤ ᠪᠡᠯᠡ ᠶᠢᠨ ᠠᠵᠤ | ᠠᠬᠤᠶᠢᠯᠠᠯ ᠤᠨ ᠵᠣᠷᠢᠭᠲᠠᠢ ᠪᠡᠯᠡ ᠣᠷᠣᠭᠤᠯᠬᠤ ᠪᠠᠶᠢᠳᠠᠯ ᠢ ᠪᠤᠢ ᠪᠣᠯᠭᠠᠬᠤ ᠬᠡᠷᠡᠭᠲᠡᠢ ᠭᠡᠵᠤ ᠱᠠᠭᠠᠷᠳᠠᠪᠠ᠃ | ᠬᠤᠷᠠᠯ ᠠᠴᠠ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠲᠣᠭᠤᠷᠢᠨ ᠪᠠᠶᠢᠴᠠᠭᠠᠬᠤ ᠠᠵᠢᠯ ᠲᠠᠰᠤᠷᠠᠯᠲᠠ ᠦᠭᠡᠢ ᠭᠦᠨᠵᠡᠭᠡᠶᠢᠷᠡᠨ ᠬᠥᠭᠵᠢᠵᠦ᠂ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠶᠢᠰᠦᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠳᠤ ᠲᠥᠪ ᠤᠨ | ᠪᠠ ᠲᠦᠷᠦ ᠶᠢᠨ ᠪᠠᠶᠢᠭᠤᠯᠭ᠎ᠠ ᠶᠢ ᠲᠥᠪᠯᠡᠷᠡᠭᠦᠯᠦᠨ ᠲᠣᠭᠤᠷᠢᠨ ᠪᠠᠶᠢᠴᠠᠭᠠᠵᠤ᠂ ᠨᠠᠮ ᠤᠨ ᠳᠦᠷᠢᠮ ᠳᠤ ᠲᠣᠭᠲᠠᠭᠠᠭᠰᠠᠨ | ᠲᠣᠭᠤᠷᠢᠨ ᠪᠠᠶᠢᠴᠠᠭᠠᠯᠲᠠ ᠶᠢ ᠪᠦᠬᠦᠨ ᠢ ᠪᠦᠷᠬᠦᠬᠦᠯᠬᠦ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠮᠠᠨ ᠤ | ᠨᠠᠮ ᠤᠨ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠢᠯᠡ ᠲᠣᠳᠣ ᠵᠠᠩ ᠴᠢᠨᠠᠷ ᠢ ᠳᠤᠪᠤᠶᠢᠯᠭᠠᠵᠤ᠂ | ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠯᠲᠠ ᠶᠢᠨ ᠨᠢᠭᠡ ᠯᠡ ᠠᠳᠠᠯᠢ ᠪᠠᠶᠢᠬᠤ ᠡᠷᠡᠰ ᠪᠠᠲᠤ ᠵᠣᠭᠰᠣᠯᠲᠠ ᠶᠢ | ᠢᠯᠡᠷᠡᠭᠦᠯᠵᠡᠢ᠃ ᠲᠣᠭᠤᠷᠢᠨ ᠪᠠᠶᠢᠴᠠᠭᠠᠯᠲᠠ ᠠᠴᠠ ᠦᠵᠡᠪᠡᠯ᠂ ᠲᠥᠪ ᠤᠨ ᠪᠠ ᠲᠥᠷᠥ ᠶᠢᠨ ᠪᠠᠶᠢᠭᠤᠯᠭ᠎ᠠ ᠲᠠᠰᠤᠷᠠᠯᠳᠠ | ᠦᠭᠡᠢ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠨᠠᠷᠢᠨ ᠬᠢᠨᠠᠮᠠᠭᠠᠶ ᠬᠠᠷᠢᠭᠤᠴᠠᠬᠤ᠂ ᠢᠳᠡᠪᠬᠢᠲᠡᠶ ᠥᠭᠡᠳᠡᠯᠡᠨ ᠳᠠᠪᠰᠢᠬᠤ ᠰᠠᠶᠢᠨ | ᠰᠠᠶᠢᠬᠠᠨ ᠪᠠᠶᠢᠳᠠᠯ ᠢᠯᠡᠷᠡᠵᠦ᠂ ᠡᠯ᠎ᠡ ᠵᠦᠶ᠋ᠯ ᠤᠨ ᠠᠵᠢᠯ ᠰᠢᠨ᠎ᠡ ᠦᠷ᠎ᠡ ᠪᠦᠲᠦᠮᠵᠢ ᠤᠯᠪᠠ᠃ ᠡᠭᠦᠨ ᠤ ᠵᠡᠷᠭᠡ ᠪᠠᠷ᠂ | ᠲᠣᠭᠤᠷᠢᠨ ᠪᠠᠶᠢᠴᠠᠭᠠᠯᠲᠠ ᠳᠤ ᠪᠠᠰᠠ ᠵᠠᠷᠢᠮ ᠠᠰᠠᠭᠤᠳᠠᠯ ᠢ ᠢᠯᠡᠷᠡᠬᠦᠯᠪᠡ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠴᠡᠭᠴᠡᠯᠡᠨ ᠰᠠᠶᠢᠵᠢᠷᠠᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ ᠭᠡᠵᠤ ᠵᠢᠭᠠᠵᠤ ᠭᠠᠷᠭᠠᠪᠠ᠃ | ᠬᠤᠷᠠᠯ ᠠᠴᠠ᠂ ᠲᠥᠪ ᠤᠨ ᠪᠠ ᠲᠦᠷᠦ ᠶᠢᠨ ᠪᠠᠶᠢᠭᠤᠯᠭ᠎ᠠ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠲᠠᠯ᠎ᠠ ᠪᠠᠷ ᠦᠯᠢᠭᠡᠷ ᠳᠠᠭᠤᠷᠢᠶᠠᠯ ᠪᠣᠯᠬᠤ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ ᠤᠯᠤᠰ ᠲᠥᠷᠥ ᠶᠢᠨ | ᠪᠠᠶᠢᠭᠤᠯᠤᠯᠲᠠ ᠶᠢ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠴᠥᠬᠦᠷᠡᠰᠢ ᠥᠬᠡᠶ ᠰᠠᠶᠢᠳᠤᠷ ᠡᠵᠡᠮᠰᠢᠵᠥ ᠨᠡᠪᠳᠡᠷᠡᠳᠡᠯ᠎ᠡ ᠦᠢᠯᠠᠭᠠᠵᠥ | ᠪᠤᠳᠠᠳᠠᠶᠢᠵᠢᠭᠤᠯᠵᠥ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ | ᠤᠯᠤᠰ ᠲᠥᠷᠥ ᠶᠢᠨ ᠬᠦᠢᠴᠡᠳᠭᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠮ ᠳᠠᠭᠠᠨ ᠦᠨᠡᠨᠴᠢ | ᠰᠢᠳᠤᠷᠭᠤ ᠪᠠᠶᠢᠬᠤ᠂ ᠠᠷᠠᠳ ᠲᠦᠮᠡᠨ ᠳᠤ ᠬᠠᠷᠢᠭᠤᠴᠠᠬᠤ ᠶᠢ ᠲᠦᠷᠦᠭᠦᠯᠡᠨ ᠪᠡᠶᠡᠯᠡᠭᠦᠯᠵᠦ᠂ ᠨᠠᠮ ᠤᠨ ᠲᠥᠪ ᠬᠤᠷᠢᠶᠠᠨ ᠤ | ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ᠲᠥᠪ ᠶᠣᠰᠣ ᠶᠢ | ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠤᠯᠤᠰ ᠲᠦᠷᠦ ᠶᠢᠨ ᠴᠢᠳᠠᠪᠤᠷᠢ ᠪᠠ ᠲᠤᠬᠠᠶᠢᠯᠠᠭᠰᠠᠨ ᠠᠵᠢᠯ ᠤᠨ | ᠴᠢᠳᠠᠪᠤᠷᠢ ᠪᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ | ᠂ ᠰᠢᠨ᠎ᠡ ᠴᠠᠭ ᠦᠶ᠎ᠡ ᠶᠢᠨ ᠠᠵᠢᠯ ᠤᠨ ᠵᠢᠮ᠎ᠡ ᠶᠣᠰᠣ ᠶᠢ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠪᠠ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ | ᠦᠭᠡᠢ ᠶᠡᠭᠡ ᠬᠤᠪᠢᠰᠤᠯᠲᠠ ᠳᠤ ᠰᠠᠭᠤᠷᠢᠯᠠᠵᠤ᠂ ᠡᠭᠦᠷᠭᠡ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠭᠡᠬᠦ | ᠬᠡᠷᠡᠭᠲᠡᠢ᠃ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠰᠢᠰᠲ᠋ᠧᠮ ᠲᠠᠢ ᠬᠤᠷᠠᠭᠤᠯᠬᠤ᠂ ᠬᠠᠮᠵᠢᠯᠴᠠᠨ ᠥᠨᠳᠥᠷ ᠪᠦᠲᠦᠮᠵᠢᠲᠡᠢ ᠪᠠᠶᠢᠬᠤ ᠶᠢ ᠪᠡᠶᠡᠯᠡᠭᠦᠯᠵᠦ᠂ | ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠠᠰᠤᠷᠠᠯᠳᠠ ᠦᠭᠡᠢ | ᠠᠬᠢᠭᠤᠯᠬᠤ ᠬᠡᠷᠡᠭᠲᠡᠢ᠃ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠤᠯᠤᠰ ᠤᠨ | ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠤᠯᠤᠰ | ᠲᠦᠷᠦ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠬᠤᠷᠢᠭ᠎ᠠ ᠱᠤᠭᠤᠮ ᠤᠨ ᠰᠡᠳᠭᠢᠬᠦᠢ ᠶᠢ ᠪᠠᠲᠤ ᠪᠤᠢ ᠪᠣᠯᠭᠠᠵᠤ᠂ | ᠬᠦᠨᠳᠦ ᠶᠡᠭᠡ ᠠᠶᠤᠯ ᠲᠦᠭᠰᠢᠭᠦᠷᠢ ᠶᠢ ᠤᠷᠢᠳᠴᠢᠯᠠᠨ ᠮᠡᠳᠡᠬᠦ᠂ ᠠᠷᠭᠠᠴᠠᠭᠠᠬᠤ᠂ ᠰᠢᠢᠳᠪᠦᠷᠢᠯᠡᠬᠦ ᠴᠢᠳᠠᠪᠤᠷᠢ ᠪᠠᠨ | ᠳᠡᠭᠡᠭᠰᠢᠯᠡᠭᠦᠯᠬᠦ ᠬᠡᠷᠡᠭᠲᠡᠢ᠃ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠴᠢᠩᠭ᠎ᠠ ᠪᠠᠶᠢᠬᠤ ᠭᠤᠣᠯ | ᠬᠦᠭ ᠠᠶᠠᠰ ᠢ ᠡᠷᠡᠰ ᠲᠤᠭᠤᠰᠢᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ︽ᠬᠤᠶᠠᠷ ᠬᠠᠷᠢᠭᠤᠴᠠᠯᠭ᠎ᠠ︾ ᠶᠢ | ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠩᠭᠠᠳᠬᠠᠵᠤ᠂ ᠱᠠᠳᠤ | ᠱᠠᠳᠤ ᠪᠠᠷ ᠳᠠᠷᠤᠯᠲᠠ ᠥᠭᠴᠦ᠂ ᠳᠣᠲᠣᠭᠠᠳᠤ ᠶᠢᠨ ᠬᠠᠮᠢᠶᠠᠷᠤᠯᠲᠠ ᠪᠣᠯᠤᠨ ᠡᠷᠬᠡ ᠶᠢᠨ ᠠᠵᠢᠯᠯᠠᠭᠠᠨ ᠳᠤ ᠬᠢᠨᠠᠯᠲᠠ ᠲᠠᠯᠪᠢᠵᠤ | ᠬᠢᠵᠠᠭᠠᠷᠯᠠᠬᠤ ᠲᠣᠭᠲᠠᠴᠠ ᠶᠢ ᠪᠦᠷᠢᠨᠰᠢᠬᠦᠯᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ | ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠬᠴᠠᠵᠢᠭᠤᠯᠤᠨ ᠠᠬᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ | ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠭᠦᠨᠵᠡᠭᠡᠶ ᠲᠤᠭᠤᠰᠢᠯᠠᠭᠤᠯᠵᠤ᠂ ᠤᠳᠤᠷᠢᠳᠬᠤ ᠪᠠᠭ ᠤᠨ | ᠪᠠᠶᠢᠭᠤᠯᠤᠯᠲᠠ᠂ ᠺᠠᠳ᠋ᠷ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠣᠯᠤᠨ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠴᠣᠭᠴᠠᠯᠠᠯᠲᠠ ᠶᠢ ᠲᠠᠰᠤᠷᠠᠯᠲᠠ ᠥᠬᠡᠶ ᠴᠢᠩᠭᠠᠳᠬᠠᠬᠤ ᠬᠡᠷᠡᠭᠲᠡᠶ᠃ ᠲᠣᠭᠤᠷᠢᠨ ᠪᠠᠶᠢᠴᠠᠭᠠᠭᠰᠠᠨ ᠦᠷ᠎ᠡ | ᠪᠦᠲᠦᠭᠡᠯ ᠢ ᠶᠡᠷᠦᠩᠬᠡᠶᠢᠯᠡᠨ ᠰᠠᠶᠢᠲᠤᠷ ᠬᠡᠷᠡᠭᠯᠡᠵᠦ᠂ ᠦᠩᠭᠡᠨ ᠲᠠᠯ᠎ᠠ ᠪᠠ ᠦᠨᠳᠦᠰᠦ ᠶᠢ ᠨᠢ ᠵᠡᠷᠭᠡ ᠪᠠᠷ ᠵᠠᠰᠠᠬᠤ ᠶᠢ | ᠭᠦᠨᠵᠡᠭᠡᠶᠢᠷᠡᠭᠦᠯᠵᠦ᠂ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠬᠦ ᠶᠢ ᠠᠬᠢᠭᠤᠯᠵᠤ᠂ ᠲᠥᠪ ᠤᠨ ᠪᠠ ᠲᠦᠷᠦ ᠶᠢᠨ | ᠪᠠᠶᠢᠭᠤᠯᠭ᠎ᠠ ᠶᠢᠨ ᠠᠵᠢᠯ ᠤᠨ ᠴᠢᠳᠠᠪᠤᠷᠢ ᠪᠣᠯᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠤ | ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | |