ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠲᠤᠰᠬᠠᠢ ᠰᠡᠳᠦᠪᠲᠦ ᠵᠥᠪᠯᠡᠬᠦ ᠬᠤᠷᠠᠯ ᠬᠤᠷᠠᠯᠳᠤᠭᠤᠯᠪᠠ ᠵᠠᠩ ᠱᠤᠤ ᠴᠦᠨ ᠶᠠᠷᠢᠶ᠎ᠠ ᠲᠠᠯᠪᠢᠵᠤ ᠸᠧᠢ ᠭᠦᠸᠧ ᠨᠠᠨ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2022/8/18
     7 ᠳ᠋ᠤᠭᠠᠷ ᠰᠠᠷ᠎ᠠ ᠶᠢᠨ 21᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ︽ᠲᠣᠮᠣ ᠳ᠋ᠠᠶᠢᠲ᠋ᠠ ᠶᠢ ᠬᠡᠷᠡᠭᠯᠡᠬᠦ ᠪᠠ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠲᠦᠷᠭᠡᠳᠬᠡᠨ ᠠᠬᠢᠭᠤᠯᠵᠤ᠂ ᠨᠡᠶᠢᠭᠡᠮ ᠤᠨ ᠵᠠᠰᠠᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ︾ ᠲᠤᠰᠬᠠᠢ ᠰᠡᠳᠦᠪᠲᠦ ᠵᠥᠪᠯᠡᠬᠦ ᠬᠤᠷᠠᠯ ᠬᠤᠷᠠᠯᠳᠤᠭᠤᠯᠪᠠ᠃     ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠤᠤ ᠴᠦᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠧᠢ ᠭᠦᠸᠧ ᠨᠠᠨ ᠬᠤᠷᠠᠯ ᠢ ᠡᠷᠬᠢᠯᠡᠪᠡ᠃     ᠬᠤᠷᠠᠯ ᠠᠴᠠ ᠲᠣᠮᠣ ᠳ᠋ᠠᠶᠢᠲ᠋ᠠ ᠶᠢ ᠬᠡᠷᠡᠭᠯᠡᠬᠦ ᠪᠠ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠠᠵᠢᠯ ᠢ ᠠᠬᠢᠭᠤᠯᠤᠭᠰᠠᠨ ᠪᠠᠶᠢᠳᠠᠯ ᠤᠨ ᠲᠤᠬᠠᠢ ᠵᠠᠷᠯᠠᠯ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠨᠡᠶᠢᠭᠡᠮ ᠤᠨ ᠪᠠ ᠬᠠᠤᠯᠢ ᠳᠦᠷᠢᠮ ᠤᠨ ᠵᠥᠪᠯᠡᠯ ᠤᠨ ᠵᠥᠪᠯᠡᠬᠦ ᠰᠡᠳᠦᠪ ᠤᠨ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠰᠣᠨᠣᠰᠴᠠᠢ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠭᠡᠰᠢᠭᠦᠨ ᠪᠣᠯᠣᠨ ᠬᠤᠯᠪᠣᠭᠳᠠᠯ ᠪᠦᠬᠦᠢ ᠮᠡᠷᠭᠡᠵᠢᠯᠲᠡᠨ ᠰᠤᠳᠤᠯᠤᠭᠴᠢᠳ ᠲᠤᠰᠬᠠᠢ ᠰᠡᠳᠦᠪᠲᠦ ᠶᠠᠷᠢᠶ᠎ᠠ ᠲᠠᠯᠪᠢᠭᠰᠠᠨ ᠤ ᠬᠠᠮᠲᠤ ᠰᠠᠨᠠᠯ ᠢᠶᠠᠨ ᠰᠣᠯᠢᠯᠴᠠᠪᠠ᠃     ᠬᠤᠷᠠᠯ ᠠᠴᠠ᠂ ᠣᠶᠢᠷ᠎ᠠ ᠶᠢᠨ ᠵᠢᠯ ᠤᠳ ᠠᠴᠠ ᠨᠠᠭᠠᠰᠢ᠂ ᠮᠠᠨ ᠤ ᠣᠷᠣᠨ ᠲᠣᠮᠣ ᠳ᠋ᠠᠶᠢᠲ᠋ᠠ ᠶᠢ ᠬᠡᠷᠡᠭᠯᠡᠬᠦ ᠪᠠ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠠᠵᠢᠯ ᠢ ᠲᠣᠭᠲᠠᠭᠤᠨ ᠢᠶᠠᠷ ᠠᠬᠢᠭᠤᠯᠵᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠳᠤ ᠬᠦᠴᠦᠲᠡᠢ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠭᠰᠠᠨ ᠶᠤᠮ᠂ ᠭᠡᠲᠡᠯ᠎ᠡ ᠬᠦᠷᠦᠯᠴᠡᠬᠦ ᠦᠭᠡᠢ ᠲᠠᠯ᠎ᠠ ᠪᠠᠰᠠ ᠪᠠᠶᠢᠨ᠎ᠠ᠃ ᠬᠤᠷᠠᠯ ᠠᠴᠠ᠂ ᠳᠠᠷᠠᠭᠠᠴᠢ ᠶᠢᠨ ᠠᠯᠬᠤᠮ ᠳᠤ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠦᠵᠦ ᠲᠥᠯᠥᠪᠯᠡᠭᠡ ᠶᠢ ᠪᠦᠬᠦ ᠲᠠᠯ᠎ᠠ ᠪᠠᠷ ᠴᠢᠩᠭᠠᠳᠬᠠᠵᠤ᠂ ᠳ᠋ᠠᠶᠢᠲ᠋ᠠ ᠶᠢᠨ ᠡᠬᠢ ᠪᠠᠶᠠᠯᠢᠭ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠬᠡᠷᠡᠭᠯᠡᠭᠡᠨ ᠤ ᠴᠢᠳᠠᠪᠤᠷᠢ ᠶᠢ ᠴᠢᠩᠭᠠᠳᠬᠠᠵᠤ᠂ ᠳ᠋ᠠᠶᠢᠲ᠋ᠠ ᠶᠢ ᠬᠠᠮᠲᠤ ᠳᠤ ᠪᠠᠨ ᠬᠦᠷᠲᠡᠬᠦ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ᠲᠣᠮᠣ ᠳ᠋ᠠᠶᠢᠲ᠋ᠠ ᠶᠢᠨ ᠠᠵᠤ ᠦᠢᠯᠡᠰ ᠤᠨ ᠴᠢᠳᠠᠪᠤᠷᠢᠲᠠᠨ ᠤ ᠬᠥᠮᠥᠵᠢᠯ ᠢ ᠭᠦᠨᠵᠡᠭᠡᠶᠢᠷᠡᠭᠦᠯᠵᠦ᠂ ᠲᠣᠮᠣ ᠳ᠋ᠠᠶᠢᠲ᠋ᠠ ᠶᠢ ᠬᠡᠷᠡᠭᠯᠡᠬᠦ ᠪᠠ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠪᠣᠯᠣᠨ ᠤᠯᠠᠨ ᠲᠦᠮᠡᠨ ᠤ ᠠᠵᠢᠯ ᠶᠠᠪᠤᠳᠠᠯ ᠡᠷᠬᠢᠯᠡᠬᠦ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ ᠭᠡᠵᠦ ᠦᠵᠡᠪᠡ᠃   
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1