ᠰᠢᠨ᠎ᠡ ᠡᠨᠧᠷᠭᠢ ᠶᠢᠨ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠪᠠ ᠬᠡᠷᠡᠯ ᠴᠡᠨᠡᠭ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠨᠠᠷᠯᠢᠭ ᠬᠥᠭᠵᠢᠭᠦᠯᠬᠦ ᠶᠠᠷᠢᠯᠴᠠᠬᠤ ᠬᠤᠷᠠᠯ ᠢ ᠬᠤᠷᠠᠯᠳᠤᠭᠤᠯᠪᠠ ᠬᠤᠸᠠᠩ ᡁᠢ ᠴᠢᠶᠠᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2022/8/19
     7 ᠳ᠋ᠤᠭᠠᠷ ᠰᠠᠷ᠎ᠠ ᠶᠢᠨ 20᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠰᠢᠨ᠎ᠡ ᠡᠨᠧᠷᠭᠢ ᠶᠢᠨ ᠨᠢᠭᠡᠳᠦᠭᠡᠷ᠂ ᠬᠤᠶᠠᠳᠤᠭᠠᠷ ᠪᠦᠯᠦᠭ ᠤᠨ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠪᠠ ᠬᠡᠷᠡᠯ ᠴᠡᠨᠡᠭ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠥᠮᠴᠢᠲᠡᠨ ᠠᠵᠤ ᠠᠬᠤᠶᠢᠯᠠᠯ ᠵᠢᠴᠢ ᠬᠤᠯᠪᠣᠭᠳᠠᠯ ᠪᠦᠬᠦᠢ ᠠᠶᠢᠮᠠᠭ ᠬᠤᠲᠠ᠂ ᠰᠠᠯᠠᠭ᠎ᠠ ᠮᠥᠴᠢᠷ ᠲᠠᠢ ᠶᠠᠷᠢᠯᠴᠠᠵᠤ᠂ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠪᠠ᠃     ᠬᠤᠸᠠᠩ ᡁᠢ ᠴᠢᠶᠠᠩ᠂ ᠵᠠᠭᠤᠨ ᠲᠦᠮᠡᠨ ᠲᠠᠰ ᠤᠨ ᠰᠠᠯᠬᠢᠨ ᠬᠦᠴᠦᠨ ᠤ ᠴᠠᠬᠢᠯᠭᠠᠨ ᠪᠠ ᠬᠡᠷᠡᠯ ᠴᠡᠨᠡᠭ ᠤᠨ ᠰᠠᠭᠤᠷᠢᠨ ᠭᠠᠵᠠᠷ ᠤᠨ ᠲᠥᠷᠥᠯ ᠵᠦᠢᠯ ᠢ ᠪᠦᠲᠦᠭᠡᠨ ᠪᠠᠶᠢᠭᠤᠯᠬᠤ ᠪᠣᠯ ᠤᠯᠤᠰ ᠤᠨ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠳᠤ ᠦᠢᠯᠡᠴᠢᠯᠡᠬᠦ᠂ ᠮᠠᠨ ᠤ ᠣᠷᠣᠨ ᠤ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠮᠥᠨ᠃ ᠰᠠᠭᠤᠷᠢᠨ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠴᠠᠬᠢᠯᠭᠠᠨ ᠡᠭᠦᠰᠬᠡᠭᠴᠢ᠂ ᠴᠠᠬᠢᠯᠭᠠᠨ ᠲᠣᠣᠷ᠂ ᠨᠡᠪᠲᠡᠷᠡᠬᠦ ᠵᠠᠮ᠂ ᠲᠣᠨᠤᠭ ᠲᠥᠬᠦᠭᠡᠷᠦᠮᠵᠢ ᠦᠶ᠋ᠯᠡᠳᠬᠦ ᠵᠡᠷᠭᠡ ᠲᠠᠯ᠎ᠠ ᠬᠤᠯᠪᠣᠭᠳᠠᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠬᠤᠯᠪᠤᠭᠠᠯᠠᠨ ᠬᠥᠳᠡᠯᠦᠯᠴᠡᠵᠦ ᠬᠤᠷᠳᠤᠴᠠ ᠪᠠᠨ ᠲᠦᠷᠭᠡᠳᠬᠡᠬᠦ ᠶᠢ ᠪᠡᠶᠡᠯᠡᠭᠦᠯᠬᠦ ᠬᠡᠷᠡᠭᠲᠡᠢ᠃ ᠰᠠᠭᠤᠷᠢᠨ ᠭᠠᠵᠠᠷ ᠤᠨ ᠲᠥᠷᠥᠯ ᠵᠦᠢᠯ ᠤᠨ ᠠᠵᠤ ᠠᠬᠤᠶᠢᠯᠠᠯ ᠤᠨ ︽ᠲᠣᠰ ᠭᠠᠵᠠᠷ ᠤᠨ ᠪᠦᠷᠢᠯᠳᠦᠭᠦᠨ︾᠎ ᠢᠶᠠᠨ ᠳᠡᠭᠡᠭᠰᠢᠯᠡᠭᠦᠯᠬᠦ ᠶᠢ ᠵᠣᠷᠢᠭᠵᠢᠭᠤᠯᠵᠤ᠂ ᠲᠣᠰ ᠭᠠᠵᠠᠷ ᠲᠤ ᠪᠠᠨ ᠬᠤᠳᠠᠯᠳᠤᠨ ᠠᠪᠬᠤ᠂ ᠲᠣᠰ ᠭᠠᠵᠠᠷ ᠲᠤ ᠪᠠᠨ ᠪᠡᠯᠡ ᠲᠣᠬᠢᠷᠠᠭᠤᠯᠬᠤ᠂ ᠲᠣᠰ ᠭᠠᠵᠠᠷ ᠲᠤ ᠪᠠᠨ ᠳᠠᠭᠠᠭᠠᠴᠢᠯᠠᠯᠲᠠ ᠵᠠᠷᠯᠠᠬᠤ᠂ ᠲᠣᠰ ᠭᠠᠵᠠᠷ ᠲᠤ ᠪᠠᠨ ᠠᠵᠢᠯᠯᠠᠭᠤᠯᠵᠤ ᠪᠠᠲᠤᠯᠠᠬᠤ ᠵᠡᠷᠭᠡ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠳᠠᠶᠢᠴᠢᠯᠠᠨ᠎ᠠ᠃ ᠨᠡᠭᠦᠷᠡᠰᠦᠨ ᠤ ᠡᠬᠢ ᠪᠠᠶᠠᠯᠢᠭ ᠢ ᠨᠡᠭᠡᠭᠡᠨ ᠠᠰᠢᠭᠯᠠᠭᠰᠠᠨ ᠲᠡᠦᠬᠡᠨ ᠰᠤᠷᠭᠠᠮᠵᠢ ᠶᠢ ᠭᠦᠨᠵᠡᠭᠡᠢ ᠰᠢᠩᠭᠡᠬᠡᠨ ᠠᠪᠴᠤ᠂ ᠠᠷᠪᠢᠯᠠᠨ ᠭᠠᠮᠨᠠᠬᠤ᠂ ᠡᠷᠴᠢᠮᠵᠢᠭᠦᠯᠬᠦ᠂ ᠦᠷᠭᠦᠯᠵᠢᠯᠡᠭᠦᠯᠬᠦ ᠵᠡᠷᠭᠡ ᠵᠠᠷᠴᠢᠮ ᠢ ᠪᠠᠷᠢᠮᠲᠠᠯᠠᠨ᠂ ᠰᠢᠩᠭᠡᠭᠡᠬᠦ ᠴᠢᠳᠠᠪᠤᠷᠢ᠂ ᠬᠡᠷᠡᠭᠯᠡᠭᠡᠨ ᠤ ᠠᠬᠤᠢ ᠪᠠᠶᠢᠳᠠᠯ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠰᠢᠨ᠎ᠡ ᠡᠨᠧᠷᠭᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠭᠦᠢᠴᠡᠳᠬᠡᠯ ᠲᠤᠭ᠎ᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠲᠣᠬᠢᠷᠠᠭᠤᠯᠬᠤ ᠬᠡᠷᠡᠭᠲᠡᠢ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠬᠢᠨᠠᠨ ᠵᠥᠪᠰᠢᠶᠡᠷᠡᠬᠦ ᠶᠠᠪᠤᠴᠠ ᠶᠢ ᠲᠦᠷᠭᠡᠳᠬᠡᠨ ᠵᠢᠷᠤᠮᠵᠢᠭᠤᠯᠵᠤ᠂ ᠲᠥᠷᠥᠯ ᠵᠦᠢᠯ ᠤᠨ ᠬᠢᠨᠠᠨ ᠵᠥᠪᠰᠢᠶᠡᠷᠡᠬᠦ ᠭᠠᠷᠳᠠᠮ ᠢ ᠭᠦᠢᠴᠡᠳᠬᠡᠬᠦ ᠪᠠᠨ ᠲᠦᠷᠭᠡᠳᠬᠡᠵᠦ᠂ ᠡᠷᠲᠡᠯᠡᠵᠦ ᠪᠣᠯᠬᠤ ᠶᠢ ᠨᠢ ᠣᠷᠦ᠋ᠢᠲᠠᠭᠤᠯᠵᠤ ᠪᠣᠯᠬᠤ ᠦᠭᠡᠢ᠂ ᠲᠦᠷᠭᠡᠯᠡᠵᠦ ᠪᠣᠯᠬᠤ ᠶᠢ ᠨᠢ ᠤᠳᠠᠭᠠᠰᠢᠷᠠᠭᠤᠯᠵᠤ ᠪᠣᠯᠬᠤ ᠦᠭᠡᠢ᠃ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠦᠬᠦ ᠣᠷᠣᠨ ᠤ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠪᠣᠯᠣᠨ ᠪᠦᠲᠦᠭᠡᠨ ᠪᠠᠶᠢᠭᠤᠯᠤᠯᠲᠠ ᠶᠢᠨ ᠳᠤᠮᠳᠠ ᠨᠡᠩ ᠤᠯᠠᠨ ᠵᠢᠱᠢᠶᠡᠴᠢ ᠢᠨᠵᠧᠨᠧᠷᠢᠩ᠂ ᠰᠣᠳᠣᠨ ᠪᠦᠲᠦᠭᠡᠯ ᠤᠨ ᠢᠨᠵᠧᠨᠧᠷᠢᠩ ᠢ ᠪᠠᠶᠢᠭᠤᠯᠬᠤ ᠬᠡᠷᠡᠭᠲᠡᠢ ᠭᠡᠵᠡᠢ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1